ᠮᠠᠨ ᠤ ᠬᠤᠰᠢᠭᠤ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠵᠦ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠲᠠᠢ ᠬᠠᠮᠲᠤᠪᠠᠷ ᠪᠠᠶᠢᠭᠤᠯᠵᠤ ᠰᠣᠯᠢᠯᠴᠠᠭ᠎ᠠ ᠬᠢᠬᠦ ᠶᠢ ᠴᠢᠩᠭᠠᠳᠬᠠᠵᠤ ᠪᠤᠢ
ᠨᠡᠶᠢᠲᠡᠯᠡᠭᠰᠡᠨ ᠴᠠᠭ᠄
2022/4/26
     ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠦᠬᠦ ᠬᠦᠴᠦᠨ ᠢᠶᠠᠷ ᠪᠠᠬᠢᠵᠢᠭᠦᠯᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠳᠤ ᠨᠡᠩ ᠰᠠᠶᠢᠨ ᠦᠢᠯᠡᠴᠢᠯᠡᠵᠦ᠂ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠲᠠᠢ ᠬᠠᠮᠲᠤᠪᠠᠷ ᠪᠠᠶᠢᠭᠤᠯᠬᠤ ᠰᠣᠯᠢᠯᠴᠠᠭ᠎ᠠ ᠬᠢᠬᠦ ᠶᠢ ᠴᠢᠩᠭᠠᠳᠬᠠᠬᠤ ᠶᠢᠨ ᠲᠦᠯᠦᠭᠡ᠂ ᠣᠶᠢᠷ᠎ᠠ ᠳᠤ ᠬᠤᠰᠢᠭᠤᠨ ᠤ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠪᠠ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠬᠢᠯᠢ ᠳᠤ ᠬᠤᠯᠪᠣᠭᠳᠠᠬᠤ ᠠᠵᠢᠯ ᠤᠨ ᠬᠠᠷᠢᠯᠴᠠᠬᠤ ᠲᠣᠭᠲᠠᠴᠠ ᠶᠢᠨ ᠬᠡᠯᠡᠯᠴᠡᠭᠡᠷ ᠲᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠪᠠ᠃
     ᠭᠠᠷ ᠤᠨ ᠦᠰᠦᠭ ᠵᠢᠷᠤᠬᠤ ᠶᠣᠰᠣᠯᠠᠯ ᠳᠤ᠂ ᠬᠤᠶᠠᠷ ᠲᠠᠯ᠎ᠠ ᠪᠠᠷ ᠢᠶᠠᠨ ᠲᠤᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠤᠯᠤᠰ ᠤᠨ ᠠᠮᠤᠷ ᠲᠦᠪᠰᠢᠨ᠂ ᠬᠢᠯᠢ ᠬᠢᠵᠠᠭᠠᠷ ᠢ ᠬᠠᠮᠢᠶᠠᠷᠤᠨ ᠡᠵᠡᠮᠳᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠭᠠᠳᠠᠭᠠᠳᠤ ᠲᠠᠢ ᠬᠤᠯᠪᠣᠭᠳᠠᠬᠤ ᠠᠵᠢᠯ ᠵᠡᠷᠭᠡ ᠳᠤ ᠬᠠᠨᠳᠤᠭᠤᠯᠤᠨ ᠶᠠᠷᠢᠯᠴᠠᠯᠭ᠎ᠠ ᠬᠢᠵᠦ᠂ ᠬᠤᠶᠠᠷ ᠲᠠᠯ᠎ᠠ ᠪᠠᠷ ᠢᠶᠠᠨ ᠬᠢᠯᠢ ᠳᠤ ᠬᠤᠯᠪᠣᠭᠳᠠᠭᠰᠠᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ︽ᠡᠬᠢ ᠪᠠᠶᠠᠯᠢᠭ ᠢ ᠬᠠᠮᠲᠤᠪᠠᠷ ᠡᠳ᠋ᠯᠡᠬᠦ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠬᠦ ᠬᠠᠮᠲᠤᠪᠠᠷ ᠬᠦᠳᠡᠯᠦᠯᠴᠡᠬᠦ ᠶᠢ ᠴᠢᠩᠭᠠᠳᠬᠠᠵᠤ᠂ ᠬᠠᠮᠵᠢᠯᠴᠠᠨ ᠬᠠᠮᠲᠤᠪᠠᠷ ᠠᠰᠢᠭ ᠬᠦᠷᠲᠡᠬᠦ︾ ᠪᠠᠷ ᠵᠠᠷᠴᠢᠮ ᠪᠣᠯᠭᠠᠨ᠂ ᠤᠯᠤᠰ ᠤᠨ ᠠᠮᠤᠷ ᠲᠦᠪᠰᠢᠨ᠂ ᠬᠢᠯᠢ ᠶᠢᠨ ᠠᠮᠤᠷ ᠲᠣᠭᠲᠠᠭᠤᠨ ᠢ ᠬᠠᠮᠠᠭᠠᠯᠠᠬᠤ᠂ ᠡᠬᠡ ᠬᠠᠭᠤᠷᠠᠢ ᠶᠢᠨ ᠤᠯᠤᠰ ᠤᠨ ᠬᠢᠯᠢ ᠵᠢᠴᠢ ᠬᠢᠯᠢ ᠬᠢᠵᠠᠭᠠᠷ ᠤᠨ ᠠᠮᠤᠷ ᠲᠣᠭᠲᠠᠭᠤᠨ ᠪᠠᠶᠢᠬᠤ ᠶᠢ ᠪᠠᠲᠤᠯᠠᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠦᠨ᠎ᠡ ᠭᠡᠵᠦ ᠢᠯᠡᠷᠬᠡᠶᠢᠯᠡᠪᠡ᠃      ᠲᠤᠰ ᠤᠳᠠᠭ᠎ᠠ ᠶᠢᠨ ᠭᠠᠷ ᠤᠨ ᠦᠰᠦᠭ ᠵᠢᠷᠤᠬᠤ ᠶᠣᠰᠣᠯᠠᠯ ᠨᠢ ᠬᠢᠯᠢ ᠬᠢᠵᠠᠭᠠᠷ ᠢ ᠬᠠᠮᠢᠶᠠᠷᠤᠨ ᠡᠵᠡᠮᠳᠡᠬᠦ ᠬᠠᠮᠲᠤᠷᠠᠯᠴᠠᠭ᠎ᠠ ᠶᠢ ᠴᠢᠩᠭᠠᠳᠬᠠᠨ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ︽ᠡᠬᠡ ᠬᠠᠭᠤᠷᠠᠢ ᠶᠢᠨ ᠤᠯᠤᠰ ᠤᠨ ᠬᠢᠯᠢ ᠶᠢᠨ ᠬᠠᠥᠯᠢ︾ ᠶᠢᠨ ᠨᠡᠶᠢᠲᠡᠯᠡᠭᠳᠡᠬᠦ ᠪᠠᠷ ᠠᠵᠠ ᠲᠣᠬᠢᠶᠠᠯ ᠪᠣᠯᠭᠠᠵᠤ᠂ ᠤᠯᠤᠰ ᠣᠷᠣᠨ ᠤ ᠤᠯᠤᠰ ᠲᠦᠷᠥ ᠶᠢᠨ ᠠᠮᠤᠷ ᠲᠦᠪᠰᠢᠨ ᠪᠣᠯᠣᠨ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ᠂ ᠡᠬᠡ ᠬᠠᠭᠤᠷᠠᠢ ᠶᠢᠨ ᠠᠵᠤ ᠠᠬᠤᠢ ᠨᠡᠶᠢᠭᠡᠮ ᠤᠨ ᠬᠦᠭᠵᠢᠯᠲᠡ ᠶᠢ ᠠᠬᠢᠭᠤᠯᠬᠤ ᠳᠤ ᠰᠢᠨ᠎ᠡ ᠬᠦᠳᠡᠯᠭᠡᠬᠦ ᠬᠦᠴᠦᠨ ᠪᠣᠯᠭᠠᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号