ᠮᠠᠨ ᠤ ᠬᠤᠰᠢᠭᠤ ᠦᠪᠡᠷᠲᠡᠭᠡᠨ ᠵᠠᠰᠠᠬᠤ ᠣᠷᠣᠨ ᠤ ᠳᠡᠰ ᠬᠤᠶᠠᠷ ᠶᠡᠭᠡ ᠢᠷᠠᠭᠤ ᠠᠯᠳᠠᠷ ᠢ ᠬᠦᠷᠲᠡᠪᠡ
ᠨᠡᠶᠢᠲᠡᠯᠡᠭᠰᠡᠨ ᠴᠠᠭ᠄
2022/4/26
     2021 ᠣᠨ ᠳᠤ᠂ ᠦᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ 2021 - 2023 ᠣᠨ ᠤ ︽ᠪᠦᠬᠦ ᠣᠷᠣᠨ ᠤ ᠠᠷᠠᠳ ᠤᠨ ᠤᠷᠠᠯᠢᠭ ᠤᠨ ᠦᠯᠦᠭᠡᠢ︾ ᠶᠢ ᠬᠢᠨᠠᠨ ᠲᠣᠭᠲᠠᠭᠠᠬᠤ ᠪᠠ ᠦᠪᠡᠷᠲᠡᠭᠡᠨ ᠵᠠᠰᠠᠬᠤ ᠣᠷᠣᠨ ᠤ ᠳᠡᠰ ᠤᠨ ᠮᠠᠯᠵᠢᠬᠤ ᠲᠠᠷᠢᠶᠠᠯᠠᠬᠤ ᠣᠷᠣᠨ ᠤ ᠵᠢᠱᠢᠶ᠎ᠡ ᠦᠵᠡᠭᠦᠯᠬᠦ ᠰᠣᠶᠣᠯ ᠤᠨ ᠡᠷᠦᠬᠡ ᠶᠢᠨ ᠰᠢᠯᠭᠠᠷᠠᠭᠤᠯᠤᠯᠲᠠ ᠳᠤ᠂ ᠮᠠᠨ ᠤ ᠬᠤᠰᠢᠭᠤᠨ ᠤ ᠪᠣᠭᠳᠠ ᠠᠭᠤᠯᠠ ᠶᠢᠨ ᠲᠠᠬᠢᠯᠭ᠎ᠠ ᠶᠢᠨ ᠰᠣᠶᠣᠯ ᠤᠨ ᠲᠦᠷᠦᠯ ᠵᠦᠢᠯ 2021 - 2023 ᠣᠨ ᠤ ︽ᠪᠦᠬᠦ ᠣᠷᠣᠨ ᠤ ᠠᠷᠠᠳ ᠤᠨ ᠤᠷᠠᠯᠢᠭ ᠤᠨ ᠦᠯᠦᠭᠡᠢ︾ ᠪᠠᠷ ᠰᠣᠩᠭᠤᠭᠳᠠᠵᠤ᠂ ᠪᠠᠷᠭᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠦᠭᠵᠢᠯᠲᠡ ᠶᠢᠨ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠴᠠᠩ ᠵᠢᠶᠠᠩ ᠤᠨ ᠬᠢ ︽ᠦᠪᠡᠷᠲᠡᠭᠡᠨ ᠵᠠᠰᠠᠬᠤ ᠣᠷᠣᠨ ᠤ ᠳᠡᠰ ᠤᠨ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠵᠢᠱᠢᠶ᠎ᠡ ᠦᠵᠡᠭᠦᠯᠬᠦ ᠡᠷᠦᠬᠡ︾ ᠪᠠᠷ ᠦᠨᠡᠯᠡᠭᠳᠡᠪᠡ᠃
     ᠳᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠳᠡᠭᠡᠷ᠎ᠡ ᠱᠠᠲᠤᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠨ᠂ ᠪᠣᠳᠠᠰ ᠤᠨ ᠪᠣᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠭᠦᠨᠵᠡᠭᠡᠢ ᠠᠬᠢᠭᠤᠯᠤᠨ᠂ ᠠᠷᠠᠳ ᠤᠨ ᠰᠢᠯᠢᠳᠡᠭ ᠰᠣᠶᠣᠯ ᠤᠷᠠᠯᠢᠭ ᠢ ᠤᠯᠠᠮᠵᠢᠯᠠᠨ ᠬᠦᠭᠵᠢᠭᠦᠯᠵᠦ᠂ ᠦᠷᠭᠡᠨ ᠣᠯᠠᠨ ᠠᠷᠠᠳ ᠲᠦᠮᠡᠨ ᠤ ᠰᠣᠶᠣᠯ ᠤᠨ ᠦᠨᠳᠦᠰᠦᠨ ᠡᠷᠬᠡ ᠠᠰᠢᠭ ᠢ ᠬᠠᠮᠠᠭᠠᠯᠠᠨ᠂ ᠦᠨᠳᠦᠰᠦᠲᠡᠨ ᠤ ᠭᠠᠵᠠᠷ ᠣᠷᠣᠨ ᠤ ᠣᠨᠴᠠᠯᠢᠭᠲᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠬᠦᠭᠵᠢᠭᠦᠯᠬᠦ ᠪᠠ ᠠᠭᠤᠳᠠᠯᠬᠤ ᠡᠷᠴᠢᠮ ᠢᠶᠠᠨ ᠴᠢᠩᠭᠠᠷᠠᠭᠤᠯᠵᠤ᠂ ᠪᠦᠬᠦ ᠬᠤᠰᠢᠭᠤᠨ ᠤ ᠣᠯᠠᠨ ᠨᠡᠶᠢᠲᠡ ᠶᠢᠨ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠰᠢᠰᠲ᠋ᠧᠮ ᠤᠨ ᠴᠢᠨᠠᠷᠯᠢᠭ ᠬᠦᠭᠵᠢᠯᠲᠡ ᠶᠢ ᠲᠦᠯᠬᠢᠨ ᠠᠬᠢᠭᠤᠯᠬᠤ ᠪᠠᠷ ᠪᠠᠶᠢᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号