80 ᠣᠨ ᠤ ᠰᠡᠭᠦᠯᠴᠢ ᠪᠠᠷ ᠲᠦᠷᠦᠭᠰᠡᠨ ᠵᠠᠯᠠᠭᠤ ᠲᠡᠮᠡᠭᠡᠴᠢᠨ ᠬᠦᠷᠡᠯ ᠡᠨᠡ ᠬᠠᠪᠤᠷ 100 ᠲᠡᠮᠡᠭᠡ ᠲᠠᠢ ᠪᠣᠯᠵᠠᠢ
ᠨᠡᠶᠢᠲᠡᠯᠡᠭᠰᠡᠨ ᠴᠠᠭ᠄
2022/4/27
     ᠵᠢᠯ ᠪᠣᠯᠭᠠᠨ ᠤ ︿5 · 1﹀ ᠡᠳᠦᠷ ᠪᠣᠯ ᠳᠡᠯᠡᠭᠡᠢ ᠶᠢᠨ ᠬᠦᠳᠡᠯᠮᠦᠷᠢᠴᠢᠳ ᠤᠨ ᠪᠠᠶᠠᠷ ᠤᠨ ᠡᠳᠦᠷ ᠪᠣᠯᠣᠨ᠎ᠠ᠃ ︽ᠬᠦᠳᠡᠯᠮᠦᠷᠢ ᠬᠠᠮᠤᠭ ᠤᠨ ᠢᠷᠠᠭᠤ ᠠᠯᠳᠠᠷ ᠲᠠᠢ᠂ ᠬᠦᠳᠡᠯᠮᠦᠷᠢ ᠬᠠᠮᠤᠭ ᠤᠨ ᠡᠷᠬᠢᠮ ᠳᠡᠭᠡᠳᠦ᠂ ᠬᠦᠳᠡᠯᠮᠦᠷᠢ ᠬᠠᠮᠤᠭ ᠤᠨ ᠰᠠᠶᠢᠬᠠᠨ︾ ᠭᠡᠬᠦ ᠵᠣᠷᠢᠭ ᠰᠠᠨᠠᠭ᠎ᠠ ᠶᠢ ᠪᠠᠳᠠᠷᠠᠭᠤᠯᠤᠨ ᠠᠵᠢᠯᠯᠠᠵᠤ ᠪᠠᠶᠢᠭ᠎ᠠ ᠰᠢᠨ᠎ᠡ ᠴᠠᠭ ᠦᠶ᠎ᠡ ᠶᠢᠨ ᠡᠭᠡᠯ ᠵᠢᠷ ᠤᠨ ᠮᠠᠯᠴᠢᠨ ᠵᠠᠯᠠᠭᠤ ᠬᠦᠷᠡᠯ ᠤᠨ ᠠᠵᠢᠯ ᠦᠢᠯᠡᠰ ᠲᠠᠢ ᠲᠠᠨᠢᠯᠴᠠᠶ᠎ᠠ︕
     ᠪᠠᠷᠭᠤ ᠨᠤᠲᠤᠭ ᠲᠤ ᠲᠦᠯ ᠤᠨ ᠳᠠᠭᠤᠨ ᠬᠠᠩᠭᠢᠨᠠᠵᠤ᠂ ᠲᠦᠮᠡᠨ ᠪᠤᠳᠠᠰ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠰᠠᠶᠢᠬᠠᠨ ᠴᠠᠭ ᠢᠶᠠᠷ ᠪᠢᠳᠡ ᠠᠯᠳ᠋ᠬᠠᠮᠡᠭᠡᠯ ᠪᠠᠯᠭᠠᠰᠤ ᠶᠢᠨ ᠪᠠᠶᠠᠨᠲᠣᠭᠤᠷᠢᠮ ᠭᠠᠴᠠᠭᠠᠨ ᠤ ᠮᠠᠯᠴᠢᠨ ᠬᠦᠷᠡᠯ ᠤᠨ ᠬᠢ ᠶᠢ ᠵᠣᠷᠢᠵᠤ ᠰᠤᠷᠪᠤᠯᠵᠢᠯᠠᠯ᠎ᠠ᠃ ᠢᠩᠭᠡ ᠪᠠᠨ ᠡᠳᠦᠢ ᠪᠣᠯᠭᠠᠨ ᠦᠳᠡ ᠬᠡᠯᠪᠡᠶᠢᠬᠦ ᠦᠶᠡᠰ ᠬᠦᠷᠡᠯ ᠡᠬᠡᠨᠡᠷ ᠲᠠᠢ ᠪᠠᠨ ᠬᠤᠶᠠᠭᠤᠯᠠ ᠵᠣᠷᠰᠢᠯ ᠶᠣᠰᠣᠭᠠᠷ ᠰᠠᠭᠠᠵᠤ ᠶᠠᠭᠠᠷᠠᠨ᠎ᠠ᠃ ᠲᠡᠮᠡᠭᠡ ᠪᠣᠯ ᠭᠠᠩ ᠵᠤᠳ ᠲᠤ ᠲᠡᠰᠪᠦᠷᠢᠲᠡᠢ ᠬᠤᠵᠢᠷ ᠭᠤᠪᠢ ᠲᠠᠢ ᠨᠤᠲᠤᠭ ᠲᠤ ᠮᠠᠯᠵᠢᠬᠤ ᠳᠤ ᠲᠣᠬᠢᠷᠠᠳᠠᠭ᠃      ᠬᠦᠷᠡᠯ ᠤᠨ ᠬᠢ ᠨᠤᠲᠤᠭ ᠪᠡᠯᠴᠢᠭᠡᠷ ᠤᠨ ᠳᠠᠭᠠᠭᠠᠴᠠ ᠳᠤ ᠲᠣᠬᠢᠷᠠᠭᠤᠯᠤᠨ᠂ ᠲᠠᠪᠤᠨ ᠬᠤᠰᠢᠭᠤ ᠮᠠᠯ ᠢᠶᠠᠨ ᠵᠡᠷᠭᠡᠪᠡᠷ ᠮᠠᠯᠵᠢᠵᠤ᠂ ᠲᠡᠮᠡᠭᠡᠨ ᠰᠦᠷᠦᠭ ᠢᠶᠠᠨ ᠢᠯᠡᠭᠦᠬᠡᠨ ᠠᠷᠠᠴᠢᠯᠠᠨ ᠳᠤᠲᠤᠮᠳᠠᠵᠤ᠂ ᠡᠨᠡ ᠬᠠᠪᠤᠷ ᠭᠠᠳᠠᠨ᠎ᠠ ᠪᠠᠨ ᠭᠤᠷᠪᠠᠨ ᠢᠩᠭᠡ ᠪᠠᠷᠢᠵᠤ᠂ ᠬᠤᠰᠢᠭᠤᠨ ᠲᠥᠪ ᠲᠤ ᠬᠦᠷᠴᠦ ᠰᠦ ᠪᠠᠨ ᠪᠣᠷᠤᠯᠠᠭᠤᠯᠵᠤ ᠪᠠᠶᠢᠨ᠎ᠠ᠃
     ᠲᠡᠮᠡᠭᠡᠴᠢᠨ ᠬᠦᠷᠡᠯ ᠮᠠᠨ ᠤ ᠰᠤᠷᠪᠤᠯᠵᠢᠯᠠᠭ᠎ᠠ ᠳᠤ᠂ ᠣᠳᠤ ᠪᠦᠬᠦᠯᠢ ᠨᠢᠭᠡ ᠵᠢᠯ ᠢᠶᠠᠷ ᠣᠯᠬᠤ ᠣᠷᠣᠯᠭ᠎ᠠ ᠨᠢ ᠲᠡᠮᠡᠭᠡᠨ ᠤ ᠰᠦ᠂ ᠨᠣᠣᠰᠣ᠂ ᠮᠢᠬ᠎ᠠ ᠪᠣᠯᠣᠨ᠎ᠠ᠃ ᠲᠡᠮᠡᠭᠡᠨ ᠠᠴᠠ ᠣᠯᠬᠤ ᠣᠷᠣᠯᠭ᠎ᠠ ᠨᠢ ᠬᠡᠳᠦᠶᠢᠪᠡᠷ ᠪᠠᠭ᠎ᠠ ᠪᠣᠯᠪᠠᠴᠤ᠂ ᠵᠠᠷᠤᠯᠭ᠎ᠠ ᠨᠢ ᠴᠤ ᠪᠠᠭ᠎ᠠ ᠪᠠᠶᠢᠳᠠᠭ᠃ ᠦᠬᠡᠷ ᠬᠤᠨᠢ ᠣᠷᠣᠯᠭ᠎ᠠ ᠶᠡᠬᠡᠲᠡᠢ ᠪᠣᠯᠪᠠᠴᠤ᠂ ᠣᠷᠣᠯᠭ᠎ᠠ ᠶᠢᠨ ᠬᠠᠭᠠᠰ ᠢᠯᠡᠭᠦᠦ ᠨᠢ ᠡᠪᠡᠰᠦ ᠪᠣᠷᠳᠤᠭ᠎ᠠ ᠲᠡᠵᠢᠭᠡᠯ ᠳᠤ ᠵᠠᠷᠤᠴᠠᠭᠤᠯᠳᠠᠭ᠃ ᠲᠡᠮᠡᠭᠡ ᠪᠣᠯ ᠵᠠᠷᠤᠳᠠᠯ ᠢ ᠠᠷᠪᠢᠯᠠᠵᠤ ᠴᠢᠳᠠᠨ᠎ᠠ᠃ ᠮᠠᠨ ᠤ ᠨᠤᠲᠤᠭ ᠪᠣᠯ ᠡᠪᠡᠰᠦ ᠲᠠᠴᠢᠷ᠂ ᠬᠤᠵᠢᠷ ᠭᠤᠪᠢ ᠲᠠᠢ ᠪᠣᠯᠬᠤᠷ ᠲᠡᠮᠡᠭᠡ ᠮᠠᠯᠵᠢᠬᠤ ᠳᠤ ᠲᠣᠬᠢᠷᠠᠮᠵᠢᠲᠠᠢ ᠪᠠᠶᠢᠳᠠᠭ ᠭᠡᠵᠦ ᠶᠠᠷᠢᠵᠤ ᠪᠠᠶᠢᠯ᠎ᠠ᠃
     ᠦᠶ᠎ᠡ ᠳᠠᠮᠵᠢᠨ ᠲᠡᠮᠡᠭᠡᠨ ᠰᠦᠷᠦᠭ ᠤᠨ ᠦᠨᠢᠷ ᠪᠠᠶᠠᠨ ᠬᠡᠰᠢᠭ ᠢᠶᠠᠷ ᠦᠭᠡᠳᠡᠯᠡᠬᠦ ᠠᠮᠢᠳᠤᠷᠠᠯ ᠢᠶᠠᠨ ᠦᠪᠯᠡᠵᠦ ᠶᠠᠪᠤᠭ᠎ᠠ 80 ᠣᠨ ᠤ ᠰᠡᠭᠦᠯᠴᠢ ᠪᠠᠷ ᠲᠦᠷᠦᠭᠰᠡᠨ ᠵᠠᠯᠠᠭᠤ ᠲᠡᠮᠡᠭᠡᠴᠢᠨ ᠬᠦᠷᠡᠯ ᠤᠨ ᠬᠢ ᠡᠨᠡ ᠬᠠᠪᠤᠷ 24 ᠢᠩᠭᠡ ᠪᠣᠲᠣᠭᠤᠯᠠᠵᠤ᠂ ᠲᠡᠮᠡᠭᠡᠨ ᠰᠦᠷᠦᠭ ᠨᠢ ᠪᠣᠲᠣᠭᠤ ᠲᠠᠢ ᠪᠠᠨ ᠨᠡᠶᠢᠯᠡᠭᠡᠳ 100 ᠶᠢ ᠳᠠᠪᠠᠵᠤ᠂ 20 ᠵᠢᠯ ᠤᠨ ᠡᠮᠦᠨ᠎ᠡ ᠵᠢᠷᠭᠤᠭᠠᠨ ᠲᠡᠮᠡᠭᠡ ᠲᠠᠢ ᠪᠠᠶᠢᠭᠰᠠᠨ ᠠᠴᠠ ᠣᠳᠤ ᠪᠣᠯᠬᠤ ᠳᠤ ᠲᠡᠭᠦᠨ ᠤ 100 ᠲᠡᠮᠡᠭᠡ ᠲᠠᠢ ᠪᠣᠯᠬᠤ ᠬᠦᠰᠡᠯ ᠨᠢ ᠪᠡᠶᠡᠯᠡᠭᠳᠡᠵᠦ᠂ ᠮᠠᠩᠨᠠᠢ ᠲᠡᠨᠡᠶᠢᠨ ᠪᠠᠶᠠᠷᠯᠠᠵᠤ ᠪᠠᠶᠢᠯ᠎ᠠ᠃ ᠢᠩᠭᠡᠨ ᠤ ᠰᠦ ᠨᠢ ᠰᠢᠬᠢᠷ ᠰᠢᠵᠢᠩ ᠡᠪᠡᠳᠴᠢᠨ ᠴᠢᠰᠦᠨ ᠤ ᠰᠢᠬᠢᠷ ᠢ ᠪᠠᠭᠤᠷᠠᠭᠤᠯᠬᠤ ᠦᠢᠯᠡᠳᠦᠯ ᠲᠠᠢ ᠭᠡᠳᠡᠭ ᠢ ᠰᠤᠳᠤᠯᠭᠠᠨ ᠢᠶᠠᠷ ᠭᠡᠷᠡᠴᠢᠯᠡᠭᠰᠡᠨ ᠪᠣᠯᠬᠤᠷ ᠣᠳᠣᠬᠠᠨ ᠳᠤ ᠬᠦᠮᠦᠰ ᠢᠩᠭᠡᠨ ᠤ ᠰᠦ ᠶᠢ ᠴᠠᠭᠠᠨ ᠢᠳᠡᠭᠡ ᠠᠴᠠ ᠭᠠᠳᠠᠨ᠎ᠠ ᠡᠷᠡᠭᠦᠯᠵᠢᠯ ᠤᠨ ᠪᠣᠳᠠᠰ ᠢᠶᠠᠷ ᠬᠡᠷᠡᠭᠯᠡᠵᠦ ᠪᠠᠶᠢᠨ᠎ᠠ᠃ ᠰᠤᠷᠪᠤᠯᠵᠢᠯᠠᠬᠤ ᠶᠠᠪᠤᠴᠠ ᠳᠤ ᠣᠶᠢᠯᠠᠭᠠᠭᠰᠠᠨ ᠢᠶᠠᠷ ᠮᠠᠯᠴᠢᠨ ᠬᠦᠷᠡᠯ ᠬᠤᠶᠢᠰᠢᠳᠠ ᠲᠡᠮᠡᠭᠡᠨ ᠤ ᠪᠠᠨ ᠠᠰᠢᠭ ᠰᠢᠮ᠎ᠡ ᠶᠢ ᠵᠠᠬ᠎ᠠ ᠳᠡᠯᠭᠡᠭᠦᠷ ᠲᠤ ᠬᠠᠨᠳᠤᠭᠤᠯᠤᠨ ᠠᠭᠤᠳᠠᠯᠤᠨ ᠬᠦᠭᠵᠢᠭᠦᠯᠬᠦ ᠪᠠᠷ ᠴᠢᠷᠮᠠᠶᠢᠨ ᠠᠵᠢᠯᠯᠠᠵᠤ ᠪᠤᠢ᠃                                   ᠰᠤᠷᠪᠤᠯᠵᠢᠯᠠᠭᠴᠢ᠄ ᠪᠠᠲᠤᠪᠢᠯᠢᠭ᠌  ᠬᠠᠪᠤᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号