ᠪᠥᠬᠡᠪᠠᠶᠠᠷ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠲᠤ ᠭᠦᠨᠵᠡᠭᠡᠶᠢᠷᠡᠨ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2022/4/27
     ᠣᠶᠢᠷ᠎ᠠ ᠶᠢᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠥᠬᠡᠪᠠᠶᠠᠷ ᠡᠯ᠎ᠡ ᠲᠦᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠴᠡᠭ ᠲᠤ ᠭᠦᠨᠵᠡᠭᠡᠶᠢᠷᠡᠨ᠂ ᠪᠠᠭᠤᠷᠠᠢ ᠲᠠᠯ᠎ᠠ ᠶᠢ ᠤᠯᠠᠮ ᠴᠢᠨᠠᠭᠰᠢᠳᠠ ᠪᠠᠶᠢᠴᠠᠭᠠᠵᠤ᠂ ᠳᠤᠲᠠᠭᠤᠳᠠᠯ ᠢ ᠨᠦᠬᠦᠪᠦᠷᠢᠯᠡᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢᠨ ᠬᠠᠮᠲᠤ᠂ ᠨᠢᠭᠡᠳᠦᠭᠡᠷ ᠹᠷᠣᠨᠲ ᠤᠨ ᠬᠢᠵᠢᠭ ᠢ ᠰᠡᠷᠭᠡᠶᠢᠯᠡᠬᠦ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠡᠷᠬᠡᠪᠰᠢ ᠥᠪᠡᠷ ᠢ ᠪᠠᠨ ᠰᠠᠶᠢᠲᠤᠷ ᠬᠠᠮᠠᠭᠠᠯᠠᠵᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠳᠠᠬᠢᠨ ᠳᠠᠪᠲᠠᠨ ᠵᠠᠬᠢᠭᠰᠠᠨ ᠪᠠᠶᠢᠨ᠎ᠠ᠃ ᠡᠭᠦᠨ ᠤ ᠬᠠᠮᠲᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ᠂ ᠰᠢᠨᠵᠢᠯᠡᠬᠦ ᠤᠬᠠᠭᠠᠨᠴᠢ ᠪᠠᠷ ᠳᠦᠷᠢᠮᠵᠢᠭᠦᠯᠬᠦ ᠶᠢ ᠢᠮᠠᠭᠲᠠ ᠪᠠᠷᠢᠮᠲᠠᠯᠠᠵᠤ᠂ ᠳᠦᠷᠢᠮ ᠤᠨ ᠳᠡᠰ ᠳᠠᠷᠠᠭᠠᠯᠠᠯ ᠢ ᠴᠢᠩᠭ᠎ᠠ ᠵᠢᠷᠤᠮᠯᠠᠨ᠂ ᠲᠤᠰᠠᠭᠠᠷᠯᠠᠬᠤ ᠬᠥᠮᠥᠰ ᠢ ᠲᠥᠪᠯᠡᠷᠡᠭᠦᠯᠦᠨ ᠲᠤᠰᠠᠭᠠᠷᠯᠠᠬᠤ ᠪᠠ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠰᠠᠬᠢᠬᠤ ᠬᠡᠷᠡᠭᠲᠡᠢ ᠭᠡᠵᠡᠢ᠃
     ᠪᠥᠬᠡᠪᠠᠶᠠᠷ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠢᠭᠰᠡᠨ ᠲᠤᠰᠠᠭᠠᠷᠯᠠᠬᠤ ᠴᠡᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠲᠤᠰᠠᠭᠠᠷᠯᠠᠬᠤ ᠴᠡᠭ ᠤᠨ ᠠᠵᠢᠯ ᠤᠨ ᠶᠠᠪᠤᠴᠠ᠂ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ᠂ ᠡᠮᠴᠢᠯᠡᠭᠡᠨ ᠤ ᠪᠠᠲᠤᠯᠠᠭ᠎ᠠ᠂ ᠬᠤᠭᠤᠯᠠ ᠤᠮᠳᠠ ᠬᠤᠨᠤᠭ ᠪᠠᠭᠤᠳᠠᠯ ᠤᠨ ᠲᠣᠬᠢᠷᠠᠭᠤᠯᠤᠯᠲᠠ᠂ ᠬᠤᠭ ᠨᠣᠪᠰᠢ ᠶᠢ ᠰᠢᠢᠳᠪᠦᠷᠢᠯᠡᠭᠰᠡᠨ ᠵᠡᠷᠭᠡ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠪᠡ᠃ ᠲᠡᠷᠡ ᠴᠢᠩᠭᠠᠳᠬᠠᠬᠤ ᠳᠠᠭᠠᠨ᠂ ᠲᠥᠪᠯᠡᠷᠡᠭᠦᠯᠦᠨ ᠲᠤᠰᠠᠭᠠᠷᠯᠠᠬᠤ ᠴᠡᠭ ᠢ ᠳᠦᠷᠢᠮᠵᠢᠭᠦᠯᠦᠨ ᠬᠠᠮᠢᠶᠠᠷᠬᠤ ᠠᠵᠢᠯ ᠢ ᠰᠠᠶᠢᠲᠤᠷ ᠬᠢᠬᠦ ᠪᠣᠯ ᠬᠢᠵᠢᠭ ᠬᠠᠯᠳᠠᠪᠤᠷᠢᠯᠠᠬᠤ ᠶᠢ ᠬᠤᠷᠢᠭᠯᠠᠨ᠂ ᠬᠢᠵᠢᠭ ᠢ ᠰᠡᠷᠭᠡᠶᠢᠯᠡᠬᠦ ᠠᠮᠤᠷ ᠲᠦᠪᠰᠢᠨ   ᠢ ᠪᠠᠲᠤᠯᠠᠬᠤ ᠵᠠᠩᠭᠢᠯᠠᠭ᠎ᠠ ᠶᠢᠨ ᠭᠤᠭᠴᠤᠭ᠎ᠠ ᠮᠥᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠠᠷᠢᠯᠢᠭ ᠣᠨᠣᠪᠴᠢᠲᠠᠢ ᠰᠡᠷᠭᠡᠶᠢᠯᠡᠨ ᠡᠵᠡᠮᠳᠡᠬᠦ᠂ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠪᠢᠲᠡᠭᠦᠮᠵᠢᠯᠡᠭᠰᠡᠨ ᠬᠠᠮᠢᠶᠠᠷᠤᠯᠲᠠ ᠶᠢ ᠤᠯᠠᠮ ᠨᠠᠷᠢᠯᠢᠭᠵᠢᠭᠤᠯᠤᠨ᠂ ᠣᠷᠴᠢᠨ ᠲᠣᠭᠤᠷᠢᠨ ᠤ ᠡᠳᠦᠷ ᠲᠤᠲᠤᠮ ᠤᠨ ᠠᠷᠢᠭᠤᠳᠬᠠᠬᠤ ᠠᠵᠢᠯ ᠢ ᠴᠢᠩᠭᠠᠳᠬᠠᠵᠤ᠂ ᠣᠨᠴᠠᠭᠠᠶᠢᠯᠠᠨ ᠢᠳᠡᠭᠡᠨ ᠤ ᠵᠦᠢᠯ᠂ ᠭᠠᠯ ᠢ ᠰᠡᠷᠭᠡᠶᠢᠯᠡᠨ ᠭᠠᠯ ᠤᠨᠲᠠᠷᠠᠭᠠᠬᠤ᠂ ᠠᠮᠤᠷ ᠢ ᠬᠠᠮᠠᠭᠠᠯᠠᠬᠤ ᠵᠡᠷᠭᠡ ᠬᠦᠷᠢᠶ᠎ᠡ ᠴᠠᠷᠠᠭᠠᠨ ᠳᠠᠬᠢ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠤᠣᠯᠳᠠᠯᠭ᠎ᠠ ᠲᠠᠢ ᠴᠢᠩᠭᠠᠳᠬᠠᠵᠤ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠨ᠂ ᠲᠤᠰᠠᠭᠠᠷᠯᠠᠬᠤ ᠲᠠᠯᠠᠪᠤᠷ ᠲᠤ ᠪᠠᠶᠢᠭ᠎ᠠ ᠬᠥᠮᠥᠰ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠠᠵᠢᠯᠲᠠᠨ ᠤ ᠪᠣᠯᠪᠠᠰᠤᠷᠠᠯ ᠂ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠶᠢ ᠤᠯᠠᠮ ᠴᠢᠩᠭᠠᠳᠬᠠᠵᠤ᠂ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠵᠤ᠂ ᠡᠮᠦᠨ᠎ᠡ ᠹᠷᠣᠨᠲ ᠤᠨ ᠠᠵᠢᠯᠲᠠᠳ ᠤᠨ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠲᠤᠰᠠᠭᠠᠷᠯᠠᠬᠤ ᠲᠠᠯᠠᠪᠤᠷ ᠤᠨ ᠡᠯ᠎ᠡ ᠵᠦᠢᠯ ᠤᠨ ᠠᠵᠢᠯ ᠤᠨ ᠪᠡᠯᠡᠳᠬᠡᠯ ᠲᠥᠰᠥᠯ ᠢ ᠲᠡᠭᠦᠯᠳᠡᠷᠵᠢᠭᠦᠯᠵᠦ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠮᠡᠳᠡᠭᠡ ᠵᠠᠩᠭᠢ ᠶᠢᠨ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠡᠯ᠎ᠡ ᠭᠤᠭᠴᠤᠭ᠎ᠠ ᠶᠢᠨ ᠰᠡᠷᠭᠡᠶᠢᠯᠡᠨ ᠡᠵᠡᠮᠳᠡᠬᠦ ᠠᠵᠢᠯ ᠢ ᠴᠠᠭ ᠲᠤᠬᠠᠢ ᠳᠤᠨᠢ ᠪᠦᠲᠦᠮᠵᠢᠲᠡᠶ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠥᠪᠯᠡᠷᠡᠭᠦᠯᠦᠨ ᠲᠤᠰᠠᠭᠠᠷᠯᠠᠭᠰᠠᠨ ᠬᠥᠮᠥᠰ ᠤᠨ ᠬᠥᠮᠦᠯᠢᠭ ᠬᠠᠯᠠᠮᠵᠢᠯᠠᠯ ᠢ ᠴᠢᠩᠭᠠᠳᠬᠠᠵᠤ᠂ ᠦᠵᠡᠯ ᠰᠠᠨᠠᠭᠠᠨ ᠤ ᠲᠠᠯ᠎ᠠ ᠪᠠᠷ ᠬᠥᠲᠥᠯᠥᠨ ᠵᠢᠯᠤᠭᠤᠳᠬᠤ᠂ ᠰᠡᠳᠬᠢᠴᠡ ᠶᠢᠨ ᠲᠠᠯ᠎ᠠ ᠪᠠᠷ ᠬᠥᠲᠥᠯᠥᠨ ᠵᠢᠯᠤᠭᠤᠳᠬᠤ ᠪᠠ ᠲᠦᠷᠦ ᠶᠢᠨ ᠪᠣᠳᠣᠯᠭ᠎ᠠ ᠶᠢ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠡᠩ ᠨᠠᠷᠢᠨ ᠬᠢᠨᠠᠮᠠᠭᠠᠢ᠂ ᠨᠡᠩ ᠪᠣᠳᠠᠲᠠᠶᠢᠵᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠡᠢ᠃      ᠬᠢᠨᠠᠨ ᠵᠢᠯᠤᠭᠤᠳᠴᠤ ᠪᠠᠶᠢᠴᠠᠭᠠᠬᠤ ᠶᠠᠪᠤᠴᠠ ᠳᠤ᠂ ᠪᠥᠬᠡᠪᠠᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠠᠵᠢᠯᠲᠠᠳ ᠲᠤ ᠲᠠᠯᠠᠷᠬᠠᠯ ᠢᠯᠡᠳᠬᠡᠵᠦ᠂ ᠲᠡᠳᠡᠨ ᠤ ᠬᠢᠵᠢᠭ ᠤᠨ ᠪᠠᠶᠢᠳᠠᠯ ᠤᠨ ᠡᠮᠦᠨ᠎ᠡ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠭᠦᠢᠴᠡᠳ ᠨᠤᠲᠠᠯᠠᠬᠤ ᠶᠢᠨ ᠬᠠᠮᠲᠤ᠂ ᠰᠢᠨᠵᠢᠯᠡᠬᠦ ᠤᠬᠠᠭᠠᠨᠴᠢ ᠪᠠᠷ ᠡᠭᠡᠯᠵᠢᠯᠡᠵᠦ᠂ ᠠᠵᠢᠯᠯᠠᠵᠤ ᠠᠮᠠᠷᠠᠬᠤ ᠶᠢ ᠤᠶᠠᠯᠳᠤᠭᠤᠯᠬᠤ ᠶᠢ ᠰᠠᠨᠠᠭᠤᠯᠵᠤ᠂ ᠬᠤᠪᠢ ᠬᠥᠮᠥᠨ ᠤ ᠰᠡᠷᠭᠡᠶᠢᠯᠡᠯᠲᠡ ᠶᠢ ᠦᠨᠡᠨᠬᠦ ᠰᠠᠶᠢᠲᠤᠷ ᠬᠢᠵᠦ᠂ ᠲᠤᠰᠠᠭᠠᠷᠯᠠᠬᠤ ᠲᠠᠯᠠᠪᠤᠷ ᠤᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠵᠠᠬᠢᠪᠠ᠃
     ᠲᠤᠰ ᠡᠳᠦᠷ᠂ ᠪᠥᠬᠡᠪᠠᠶᠠᠷ ᠪᠠᠰᠠ ᠬᠤᠰᠢᠭᠤᠨ ᠤ ᠸᠠᠺᠼᠢᠨ ᠤ ᠲᠠᠷᠢᠯᠭ᠎ᠠ ᠬᠢᠬᠦ ᠴᠡᠭ ᠲᠤ ᠭᠦᠨᠵᠡᠭᠡᠶᠢᠷᠡᠵᠦ᠂ ᠣᠳᠣᠬᠠᠨ ᠤ ᠸᠠᠺᠼᠢᠨ ᠤ ᠲᠠᠷᠢᠯᠭ᠎ᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠨᠠᠷᠢᠯᠢᠭ ᠣᠶᠢᠯᠠᠭᠠᠪᠠ᠃ ᠲᠡᠷᠡ ᠴᠢᠬᠤᠯᠠᠴᠢᠯᠠᠬᠤ ᠳᠠᠭᠠᠨ᠂ ᠣᠳᠣᠬᠠᠨ ᠳᠤ ᠤᠯᠤᠰ ᠤᠨ ᠳᠣᠲᠣᠭᠠᠳᠤ   ᠶᠢᠨ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠯᠡ ᠬᠦᠨᠳᠦ ᠬᠡᠴᠡᠭᠦᠦ ᠪᠥᠭᠡᠳ ᠪᠡᠷᠬᠡ ᠪᠤᠳᠤᠯᠢᠶᠠᠨᠲᠠᠢ ᠪᠠᠶᠢᠵᠤ᠂ ᠨᠠᠰᠤᠲᠠᠶᠢᠴᠤᠳ ᠤᠨ ᠠᠷᠬᠠᠭ ᠡᠪᠡᠳᠴᠢᠨ ᠨᠡᠯᠢᠶᠡᠳ ᠣᠯᠠᠨ᠂ ᠪᠡᠶ᠎ᠡ ᠮᠠᠬᠠᠪᠤᠳ ᠤᠨ ᠡᠪᠡᠳᠴᠢᠨ ᠢ ᠡᠰᠡᠷᠭᠦᠴᠡᠬᠦ ᠴᠢᠳᠠᠪᠤᠷᠢ ᠨᠡᠯᠢᠶᠡᠳ ᠪᠠᠭᠤᠷᠠᠢ ᠪᠠᠶᠢᠭ᠎ᠠ ᠪᠣᠯᠬᠤᠷ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠬᠢᠯᠭᠡᠬᠦ ᠠᠵᠢᠯ ᠢ ᠲᠦᠷᠭᠡᠳᠬᠡᠨ ᠠᠬᠢᠭᠤᠯᠬᠤ ᠨᠢ ᠪᠦᠬᠦ ᠠᠷᠠᠳ ᠤᠨ ᠦᠯᠦ ᠬᠠᠯᠳᠠᠭᠠᠬᠤ ᠬᠠᠯᠬᠠᠪᠴᠢ ᠶᠢ ᠪᠤᠶ ᠪᠣᠯᠭᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠬᠢᠯᠡᠯᠲᠡ ᠰᠢᠪᠲᠤᠯᠬᠤ ᠳᠠᠶᠢᠨ ᠤ ᠢᠯᠠᠯᠲᠠ ᠶᠢ ᠣᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠤᠯᠠᠮ ᠨᠢᠭᠡᠳᠬᠡᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ ᠢ ᠪᠠᠷᠢᠮᠲᠠᠯᠠᠨ᠂ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠨᠠᠰᠤᠲᠠᠶᠢᠴᠤᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠲᠠᠨᠢᠯᠲᠠ᠂ ᠸᠠᠺᠼᠢᠨ ᠤ ᠲᠠᠷᠢᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠤᠬᠠᠭᠤᠯᠬᠤ ᠠᠷᠭ᠎ᠠ ᠵᠠᠮ ᠪᠠ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠨᠠᠰᠤᠲᠠᠶᠢᠴᠤᠳ ᠤᠨ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠳᠤ ᠵᠥᠪ ᠢᠶᠠᠷ ᠬᠠᠨᠳᠤᠬᠤ ᠶᠢ ᠬᠦᠲᠦᠯᠦᠨ ᠵᠢᠯᠣᠭᠤᠳᠴᠤ᠂ ᠪᠥᠬᠦ ᠠᠷᠠᠳ ᠤᠨ ᠦᠯᠦ ᠬᠠᠯᠳᠠᠭᠠᠬᠤ ᠬᠠᠯᠬᠠᠪᠴᠢ ᠶᠢ ᠪᠤᠢ ᠪᠣᠯᠭᠠᠬᠤ ᠪᠠᠬᠢᠯᠡᠯᠲᠡ ᠰᠢᠪᠲᠤᠯᠬᠤ ᠲᠡᠶᠢᠨ ᠤ ᠢᠯᠠᠯᠲᠠ ᠶᠢ ᠣᠯᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠡᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号