ᠴᠣᠺᠣᠯᠠᠳ᠋ ᠲᠤ ᠰᠢᠬᠢᠷ ᠤᠨ ᠥᠭᠡᠬᠦ ᠡᠯᠪᠡᠭ ᠠᠭᠤᠯᠤᠭᠳᠠᠵᠤ᠂ ᠬᠢᠬᠦ ᠶᠠᠪᠤᠴᠠ ᠨᠢ ᠪᠤᠳᠤᠯᠢᠶᠠᠨᠲᠠᠶ᠂ ᠰᠠᠯᠮᠤᠨᠧᠯ | ᠪᠠᠺᠲ᠋ᠧᠷᠢ ᠮᠡᠳᠤ ᠶᠢᠨ ᠮᠢᠺᠷᠣᠪ ᠲᠤ ᠪᠤᠵᠠᠷᠳᠤᠬᠤ ᠪᠣᠯᠤᠯᠴᠠᠭ᠎ᠠ ᠲᠠᠢ᠃ ᠰᠠᠯᠮᠤᠨᠧᠯ ᠪᠠᠺᠲ᠋ᠧᠷᠢ ᠨᠢ ᠣᠯᠠᠨ ᠤ ᠰᠠᠶᠢᠨ | ᠮᠡᠳᠡᠳᠡᠭ ᠨᠢᠭᠡ ᠵᠥᠢᠯ ᠤᠨ ᠢᠳᠡᠭᠡᠨ ᠠᠴᠠ ᠢᠷᠡᠯᠲᠡ ᠲᠠᠢ ᠡᠪᠡᠳᠴᠢᠨ ᠡᠭᠦᠰᠭᠡᠭᠴᠢ ᠪᠣᠯᠤᠭᠰᠠᠨ ᠤ ᠬᠤᠪᠢ ᠳᠤ᠂ | ᠮᠢᠬ᠎ᠠ ᠥᠨᠳᠡᠭᠡ ᠰᠦ ᠶᠢᠨ ᠳᠣᠲᠣᠷ᠎ᠠ ᠪᠠᠶᠢᠩᠭᠤ ᠠᠭᠤᠯᠤᠭᠳᠠᠳᠠᠭ᠃ ᠴᠣᠺᠣᠯᠠᠳ᠋ ᠨᠢ ᠲᠦᠭᠦᠬᠡᠶ ᠡᠳ᠋ ᠤᠨ ᠰᠦᠨ | ᠲᠠᠯᠬ᠎ᠠ ᠶᠢᠨ ᠰᠠᠯᠮᠤᠨᠧᠯ ᠪᠠᠺᠲ᠋ᠧᠷᠢ ᠶᠢᠨ ᠪᠤᠵᠠᠷᠳᠤᠯ ᠠᠴᠠ ᠪᠣᠯᠵᠣ ᠬᠤᠤᠷᠲᠠᠭᠳᠠᠵᠤ ᠮᠡᠳᠡᠨ᠎ᠡ᠃ ᠡᠭᠦᠨ ᠠᠴᠠ | ᠭᠠᠳᠠᠨ᠎ᠠ᠂ ᠴᠣᠺᠣᠯᠠᠳ᠋ ᠲᠤ ᠠᠭᠤᠯᠤᠭᠳᠠᠵᠤ ᠪᠠᠶᠢᠭ᠎ᠠ ᠦᠬᠡᠬᠦ ᠲᠤᠰᠤ ᠨᠢ ᠰᠠᠯᠮᠤᠨᠧᠯ ᠪᠠᠺᠲ᠋ᠧᠷᠢ ᠶᠢ ᠬᠤᠳᠣᠭᠤᠳᠣᠨ | ᠬᠦᠴᠢᠯ ᠳᠤ ᠤᠰᠠᠳᠬᠠᠭᠳᠠᠬᠤ ᠠᠴᠠ ᠵᠠᠶᠢᠯᠠᠰᠬᠢᠭᠤᠯᠲᠠᠭ ᠪᠤᠯᠬᠤᠷ ᠪᠤᠬᠢᠷᠲᠤᠬᠰᠠᠨ ᠴᠣᠺᠣᠯᠠᠳ᠋ ᠢ ᠢᠳᠡᠪᠡᠯ ᠢᠳᠡᠭᠡᠨ | ᠳᠤ ᠬᠤᠤᠷᠳᠠᠭᠳᠠᠬᠤ ᠶᠠᠪᠤᠲᠠᠯ ᠠᠮᠠᠷᠬᠠᠨ ᠡᠬᠦᠰᠦᠨ᠎ᠡ᠃ | ᠰᠠᠯᠮᠤᠨᠧᠯ ᠪᠠᠺᠲ᠋ᠧᠷᠢ ᠣᠯᠠᠨ ᠲᠥᠷᠥᠯ ᠤᠨ ᠢᠳᠡᠭᠡᠨ ᠳᠤ ᠣᠷᠣᠰᠢᠵᠤ᠂ ᠲᠡᠭᠦᠨ ᠤ ᠳᠣᠲᠣᠷ᠎ᠠ ᠮᠢᠬᠠᠨ ᠤ | ᠲᠥᠷᠥᠯ᠂ ᠵᠢᠭᠠᠰᠤᠨ ᠤ ᠲᠥᠷᠥᠯ᠂ ᠥᠨᠳᠡᠭᠡᠨ ᠤ ᠲᠥᠷᠥᠯ ᠪᠠ ᠰᠦᠨ ᠤ ᠲᠥᠷᠥᠯ ᠮᠠᠰᠢ ᠣᠯᠠᠨ ᠪᠠᠶᠢᠳᠠᠭ ᠪᠦᠭᠡᠳ | ᠪᠠᠰᠠ ᠤᠷᠭᠤᠮᠠᠯ ᠤᠨ ᠨᠠᠪᠴᠢᠨ ᠳᠣᠲᠣᠷ᠎ᠠ ᠪᠠᠰᠠ ᠪᠤᠰᠤᠳ ᠪᠠᠺᠲ᠋ᠧᠷᠢ ᠶᠢᠨ ᠲᠥᠷᠥᠯ ᠤᠨ ᠰᠠᠯᠮᠤᠨᠧᠯ ᠪᠠᠺᠲ᠋ᠧᠷᠢ | ᠣᠷᠣᠰᠢᠵᠤ ᠪᠠᠶᠢᠳᠠᠭ᠂ ᠣᠨᠴᠠᠭᠠᠶᠢᠯᠠᠨ ᠬᠦᠢᠲᠡᠨ ᠢᠶᠠᠷ ᠬᠤᠯᠢᠵᠤ ᠢᠳᠡᠬᠦ ᠲᠦᠭᠦᠬᠡᠶ ᠨᠣᠭᠤᠭ᠎ᠠ᠂ ᠮᠠᠭᠠᠵᠢ ᠨᠣᠭᠤᠭ᠎ᠠ᠂ | ᠦᠨᠦᠷᠲᠦ ᠨᠣᠭᠤᠭ᠎ᠠ᠂ ᠯᠤᠤᠯᠢ᠂ ᠪᠠᠳᠷᠠᠰᠢ᠂ ᠪᠥᠭᠡᠷᠡᠩᠬᠡᠶ ᠴᠠᠭᠠᠨ ᠨᠣᠭᠤᠭ᠎ᠠ᠂ ᠰᠢᠯᠦᠬᠡᠶ ᠨᠣᠭᠤᠭ᠎ᠠ ᠵᠡᠷᠭᠡ ᠨᠣᠭᠤᠭᠠᠨ | ᠨᠠᠪᠴᠢᠲᠤ ᠨᠣᠭᠤᠭ᠎ᠠ ᠳᠤ ᠶᠡᠭᠡ ᠪᠠᠶᠢᠳᠠᠭ᠃ ᠲᠥᠪᠡᠳ ᠬᠠᠰᠢ᠂ ᠥᠩᠭᠡᠲᠦ ᠯᠠᠵᠤᠤ᠂ ᠥᠷᠭᠡᠰᠦᠲᠦ ᠬᠡᠮᠬᠡ ᠶᠢᠨ | ᠨᠠᠪᠴᠢᠨ ᠳᠣᠲᠣᠷ᠎ᠠ ᠬᠤᠯᠤᠭᠠᠨ᠎ᠠ ᠶᠢᠨ ᠬᠢᠵᠢᠭ ᠤᠨ ᠰᠠᠯᠮᠤᠨᠧᠯ ᠪᠠᠺᠲ᠋ᠧᠷᠢ ᠣᠷᠣᠰᠢᠵᠤ ᠮᠡᠳᠡᠨ᠎ᠡ᠃ ᠰᠠᠯᠮᠤᠨᠧᠯ | ᠪᠠᠺᠲ᠋ᠧᠷᠢ ᠶᠢᠨ ᠪᠤᠵᠠᠷᠳᠤᠯ ᠢ ᠰᠡᠷᠭᠡᠶᠢᠯᠡᠬᠦ ᠳᠤ᠂ ᠪᠢᠳᠡ ᠠᠮᠢᠲᠠᠨ ᠤ ᠴᠢᠨᠠᠷᠲᠠᠶ ᠢᠳᠡᠭᠡᠨ ᠤ ᠪᠤᠵᠠᠷᠳᠤᠯ ᠢ | ᠴᠢᠬᠤᠯᠠᠴᠢᠯᠠᠬᠤ ᠪᠠᠷ ᠪᠠᠷᠠᠬᠤ ᠦᠭᠡᠢ᠂ ᠪᠠᠰᠠ ᠢᠳᠡᠰᠢᠨ ᠨᠣᠭᠤᠭ᠎ᠠ ᠪᠠ ᠪᠤᠰᠤᠳ ᠤᠷᠭᠤᠮᠠᠯ ᠤᠨ ᠴᠢᠨᠠᠷᠲᠠᠶ | ᠢᠳᠡᠭᠡᠨ ᠤ ᠪᠤᠵᠠᠷᠳᠤᠯ ᠢ ᠰᠡᠷᠭᠡᠶᠢᠯᠡᠬᠦ ᠬᠡᠷᠡᠭᠲᠡᠶ᠃ ᠰᠠᠯᠮᠤᠨᠧᠯ ᠪᠠᠺᠲ᠋ᠧᠷᠢ ᠶᠢᠨ ᠢᠳᠡᠭᠡᠨ ᠳᠤ ᠬᠤᠣᠷᠳᠠᠭᠳᠠᠬᠤ ᠨᠢ | ᠶᠡᠷᠦ ᠳᠡᠭᠡᠨ ᠠᠮᠠ ᠪᠠᠷ ᠣᠷᠣᠵᠤ ᠰᠢᠩᠭᠡᠭᠡᠯᠲᠡ ᠶᠢᠨ ᠵᠠᠮ ᠢᠶᠠᠷ ᠬᠠᠯᠳᠠᠪᠤᠷᠢᠯᠠᠨ᠎ᠠ᠃ ᠰᠠᠯᠮᠤᠨᠧᠯ ᠪᠠᠺᠲ᠋ᠧᠷᠢ ᠰᠢᠯᠵᠢᠷᠠᠮᠠ | ᠬᠠᠯᠠᠭᠤᠨ ᠢ ᠡᠰᠡᠷᠭᠦᠴᠡᠬᠦ ᠴᠢᠳᠠᠪᠤᠷᠢ ᠨᠢ ᠨᠡᠯᠢᠶᠡᠳ ᠪᠠᠭᠤᠷᠠᠶ᠂ 8℃ ᠲᠤ ᠤᠰᠠᠳᠤᠨ᠎ᠠ᠃ ᠡᠶᠢᠮᠦ ᠠᠴᠠ ᠰᠠᠯᠮᠤᠨᠧᠯ | ᠪᠠᠺᠲ᠋ᠧᠷᠢ ᠶᠢᠨ ᠪᠤᠵᠠᠷᠳᠤᠯ ᠠᠴᠠ ᠵᠠᠶᠢᠯᠠᠰᠬᠢᠬᠦ ᠶᠢᠨ ᠲᠤᠯᠠᠲᠠ᠂ ᠬᠡᠷ ᠲᠡᠭᠡᠨ ᠢᠳᠡᠭᠡᠨ ᠬᠢᠬᠦ ᠳᠡᠭᠡᠨ᠂ ᠤᠷᠤᠰᠤᠮᠠᠯ | ᠤᠰᠤ ᠪᠠ ᠭᠠᠷ ᠤᠬᠢᠶᠠᠬᠤ ᠰᠢᠩᠭᠡᠨ ᠢᠶᠠᠷ ᠭᠠᠷ ᠢᠶᠠᠨ ᠰᠠᠶᠢᠨ ᠤᠬᠢᠶᠠᠬᠤ ᠬᠡᠷᠡᠭᠲᠡᠢ᠃ ᠬᠤᠭᠤᠯᠠ ᠬᠢᠬᠦ ᠶᠠᠪᠤᠴᠠ ᠳᠤ | ᠮᠢᠬ᠎ᠠ ᠦᠨᠳᠡᠭᠡ ᠵᠡᠷᠭᠡ ᠲᠦᠬᠦᠬᠡᠢ ᠢᠳᠡᠭᠡᠨ ᠳᠤ ᠬᠦᠷᠦᠯᠴᠡᠭᠰᠡᠨ ᠪᠣᠯ ᠭᠠᠷ ᠢᠶᠠᠨ ᠲᠠᠬᠢᠵᠦ ᠭᠠᠶᠢᠭᠤᠢ ᠤᠬᠢᠶᠠᠬᠤ | ᠬᠡᠷᠡᠭᠲᠡᠢ᠃ ᠮᠢᠬᠠᠨ ᠤ ᠵᠦᠢᠯ ᠪᠠ ᠥᠨᠳᠡᠭᠡᠨ ᠤ ᠵᠦᠢᠯ ᠢ ᠴᠢᠨᠠᠵᠤ ᠪᠤᠯᠭᠤᠴᠢᠬᠠᠭᠠᠳ ᠢᠳᠡᠨ᠎ᠡ᠂ ᠬᠢᠲᠤᠭ᠎ᠠ ᠪᠠᠭᠠᠵᠢ᠂ | ᠳᠥᠰᠢ ᠬᠠᠪᠲᠠᠰᠤ ᠪᠠ ᠢᠳᠡᠭᠡᠨ ᠤ ᠰᠠᠪᠠ ᠬᠡᠷᠡᠭᠰᠡᠯ ᠢ ᠬᠠᠯᠠᠭᠤᠨ ᠤᠰᠤ ᠪᠠᠷ ᠭᠠᠶᠢᠭᠤᠢ ᠤᠬᠢᠶᠠᠵᠤ ᠴᠡᠪᠡᠷᠯᠡᠬᠦ | ᠬᠡᠷᠡᠭᠲᠡᠶ᠃ ᠡᠭᠦᠨ ᠠᠴᠠ ᠭᠠᠳᠠᠨ᠎ᠠ ᠰᠠᠨᠠᠭᠤᠯᠬᠤ ᠨᠢ᠄ ᠫᠠᠰᠲ᠋ᠤᠷ ᠤᠨ ᠠᠷᠢᠭᠤᠳᠬᠠᠯ ᠬᠢᠭᠰᠡᠨ ᠥᠬᠡᠶ ᠦᠨᠢᠶᠡᠨ ᠰᠦ ᠶᠢ | ᠪᠤᠯ ᠵᠡᠭᠡᠵᠦ ᠪᠤᠴᠠᠯᠭᠠᠭᠠᠳ ᠤᠤᠭᠤᠭᠠᠠᠷᠠᠢ᠃ | | |