ᠲᠦᠷᠭᠡᠨ ᠪᠠᠶᠢᠴᠠᠭᠠᠵᠤ ᠦᠵᠡ︕ ᠡᠳᠡᠭᠡᠷ ᠠᠮᠠᠪᠴᠢ ᠶᠢ ᠬᠤᠷᠢᠶᠠᠵᠤ ᠠᠪᠤᠨ᠎ᠠ︕
ᠨᠡᠶᠢᠲᠡᠯᠡᠭᠰᠡᠨ ᠴᠠᠭ᠄
2022/4/29
     ᠣᠶᠢᠷ᠎ᠠ ᠳᠤ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠡᠮ ᠰᠣᠭᠤᠭ ᠲᠠᠢ ᠣᠶᠢᠯᠡᠳᠬᠦᠨ ᠤ ᠬᠠᠮᠢᠶᠠᠷᠤᠯᠲᠠ ᠶᠢᠨ ᠲᠥᠪ ᠤᠨ ᠰᠦᠯᠵᠢᠶ᠎ᠡ ᠮᠡᠳᠡᠭᠡ ᠨᠡᠶᠢᠲᠡᠯᠡᠵᠦ᠂ ᠰᠡᠷᠭᠡᠶᠢᠯᠡᠨ ᠬᠠᠮᠠᠭᠠᠯᠠᠬᠤ ᠣᠶᠢᠯᠡᠳᠣᠯ ᠦᠬᠡᠢ ᠪᠣᠯᠣᠭᠰᠠᠨ 10000 ᠠᠮᠠᠪᠴᠢ ᠶᠢ ᠬᠤᠷᠢᠶᠠᠵᠤ ᠠᠪᠤᠨ᠎ᠠ ᠭᠡᠪᠡ᠃      ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠡᠮ ᠰᠣᠭᠤᠭ  ᠲᠠᠢ ᠣᠶᠢᠯᠡᠳᠬᠦᠨ ᠤ ᠬᠠᠮᠢᠶᠠᠷᠤᠯᠲᠠ ᠶᠢᠨ ᠲᠥᠪ ᠤᠨ ᠰᠦᠯᠵᠢᠶ᠎ᠡ ᠶᠢᠨ ᠮᠡᠳᠡᠭᠡ ᠵᠠᠩᠭᠢ ᠳᠤ ᠢᠯᠡᠷᠡᠭᠦᠯᠦᠭᠰᠡᠨ ᠢᠶᠠᠷ᠂ ᠲᠦᠷᠦᠭᠦᠬᠡᠨ᠂ ᠨᠠᠨᠲ᠋ᠦ᠋ᠩ ᠤᠨ ᠬᠤᠤ ᠰᠢᠶᠤᠤ ᠨᠡᠬᠡᠮᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ︽ᠬᠡᠷᠡᠭᠯᠡᠭᠡᠨ ᠤ ᠵᠣᠶᠢᠯ ᠢ ᠡᠭᠡᠭᠦᠯᠦᠨ ᠠᠪᠴᠢᠷᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾ ᠤᠨ ᠱᠠᠭᠠᠷᠳᠠᠯᠭ᠎ᠠ ᠶᠣᠰᠣᠭᠠᠷ᠂ ᠵᠢᠶᠠᠩᠰᠦ ᠮᠤᠵᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠤᠨ ᠨᠠᠨᠲ᠋ᠦ᠋ᠩ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠡᠭᠡᠭᠦᠯᠦᠨ ᠠᠪᠴᠢᠷᠠᠬᠤ ᠲᠥᠯᠥᠪᠯᠡᠭᠡ ᠪᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠪᠡ᠂ 2020 ᠣᠨ ᠤ 3 ᠰᠠᠷ᠎ᠠ ᠶᠢᠨ 4 ᠤ ᠡᠳᠦᠷ ᠠᠴᠠ 2020 ᠣᠨ ᠤ 4 ᠰᠠᠷ᠎ᠠ ᠶᠢᠨ 24 ᠤ ᠡᠳᠦᠷ ᠪᠣᠯᠲᠠᠯᠠᠬᠢ ᠬᠤᠭᠤᠴᠠᠭᠠᠨ ᠳᠤ ᠦᠢᠯᠡᠳᠪᠤᠷᠢᠯᠡᠭᠰᠡᠨ ᠨᠢᠭᠡ ᠯᠡ ᠤᠳᠠᠭᠠᠨ ᠤ ᠴᠢᠨᠠᠷᠲᠠᠶ ᠬᠠᠮᠠᠭᠠᠯᠠᠯᠲᠠ ᠶᠢᠨ ᠠᠮᠠᠪᠴᠢ ᠶᠢ ᠲᠣᠰ ᠡᠳᠦᠷ ᠠᠴᠠ ᠡᠬᠢᠯᠡᠨ ᠡᠭᠡᠭᠦᠯᠦᠨ ᠠᠪᠴᠢᠷᠠᠬᠤ ᠳᠤ 200 ᠪᠠᠭᠯᠠᠭ᠎ᠠ ︵ᠨᠢᠭᠡ ᠪᠠᠭᠯᠠᠭ᠎ᠠ ᠳᠤ 50 ᠪᠠᠶᠢᠨ᠎ᠠ︶ ᠬᠤᠯᠪᠣᠭᠳᠠᠨ᠎ᠠ᠃      ᠲᠣᠰ ᠤᠳᠠᠭ᠎ᠠ ᠶᠢᠨ ᠬᠤᠷᠢᠶᠠᠨ ᠠᠪᠬᠤ ᠬᠡᠪᠴᠢᠶᠡᠨ ᠳᠠᠬᠢ ᠨᠢᠭᠡ ᠯᠡ ᠤᠳᠠᠭ᠎ᠠ ᠶᠢᠨ ᠴᠢᠨᠠᠷᠲᠠᠶ ᠰᠡᠷᠭᠡᠶᠢᠯᠡᠨ ᠬᠠᠮᠠᠭᠠᠯᠠᠬᠤ ᠠᠮᠠᠪᠴᠢ᠂ ᠠᠮᠠᠪᠴᠢ ᠶᠢᠨ ᠮᠥᠬᠦᠯᠢᠭ ᠱᠦᠭᠦᠬᠦ ᠦᠷ᠎ᠡ ᠪᠦᠲᠦᠮᠵᠢ ᠨᠡᠯᠢᠶᠡᠳ ᠳᠤᠤᠷ᠎ᠠ ᠪᠠᠶᠢᠵᠤ᠂ ᠬᠡᠷᠡᠭᠯᠡᠭᠴᠢᠳ ᠲᠣᠰ ᠣᠶᠢᠯᠡᠳᠬᠦᠨ ᠢ ᠬᠡᠷᠡᠭᠯᠡᠭᠡᠳ ᠰᠡᠷᠭᠡᠶᠢᠯᠡᠨ ᠬᠠᠮᠠᠭᠠᠯᠠᠬᠤ ᠦᠷ᠎ᠡ ᠪᠦᠲᠦᠮᠵᠢ ᠳᠤ ᠬᠦᠷᠴᠦ ᠴᠢᠳᠠᠬᠤ ᠥᠬᠡᠶ᠃ ᠲᠣᠰ ᠺᠣᠮᠫᠠᠨᠢ ᠶᠢᠨ ᠬᠢᠨ ᠬᠡᠷᠡᠭᠯᠡᠭᠴᠢ ᠳᠤ ᠨᠢᠭᠡ ᠯᠡ ᠤᠳᠠᠭ᠎ᠠ ᠬᠡᠷᠡᠭᠯᠡᠬᠦ ᠬᠠᠮᠠᠭᠠᠯᠠᠬᠤ ᠠᠮᠠᠪᠴᠢ  ᠶᠢ ᠲᠦᠯᠦᠪᠦᠷᠢ ᠬᠡᠯᠲᠦᠷᠢᠬᠦᠯᠦᠨ ᠰᠣᠯᠢᠵᠤ ᠦᠭᠭᠦᠨ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠪᠤᠯᠤᠨ᠎ᠠ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号