ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ﹇2022﹈ 8 ᠳ᠋ᠤᠭᠠᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/4/29
     ᠣᠶᠢᠷ᠎ᠠ ᠳᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠯᠡ ᠬᠦᠨᠳᠦ ᠬᠡᠴᠡᠭᠦᠦ ᠪᠥᠭᠡᠳ ᠪᠤᠳᠤᠯᠢᠶᠠᠨᠲᠠᠢ ᠪᠠᠶᠢᠨ᠎ᠠ᠂ ︽5 · 1︾ ᠤ ᠠᠮᠠᠷᠠᠯᠲᠠ ᠶᠢᠨ ᠬᠤᠭᠤᠴᠠᠭ᠎ᠠ ᠣᠶᠢᠷᠠᠳᠬᠤ ᠶᠢ ᠳᠠᠭᠠᠯᠳᠤᠨ᠂ ᠬᠦᠮᠦᠰ ᠤᠨ ᠨᠠᠰᠢ ᠴᠠᠰᠢ ᠶᠠᠪᠤᠵᠤ ᠰᠠᠭᠤᠬᠤ ᠪᠠᠶᠢᠳᠠᠯ ᠣᠯᠠᠰᠢᠷᠠᠵᠤ᠂ ᠮᠠᠨ ᠤ ᠬᠤᠰᠢᠭᠤᠨ ᠤ ︽ᠭᠠᠳᠠᠨ᠎ᠠ ᠠᠴᠠ ᠬᠠᠯᠳᠠᠪᠤᠷᠢᠯᠠᠨ ᠣᠷᠣᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠠᠴᠠ ᠰᠡᠷᠭᠡᠶᠢᠯᠡᠬᠦ︾ ᠠᠵᠢᠯ ᠬᠦᠨᠳᠦ ᠬᠡᠴᠡᠭᠦᠦ ᠰᠢᠯᠭᠠᠯᠲᠠ ᠳᠤ ᠲᠤᠯᠭᠠᠷᠠᠵᠤ ᠪᠠᠶᠢᠨ᠎ᠠ᠃ ᠠᠷᠠᠳ ᠣᠯᠠᠨ ᠤ ᠠᠮᠠᠷᠠᠯᠲᠠ ᠶᠢᠨ ᠬᠤᠭᠤᠴᠠᠭ᠎ᠠ ᠪᠠᠨ ᠪᠠᠶᠠᠷ ᠬᠥᠷ ᠲᠠᠢ᠂ ᠡᠷᠡᠭᠦᠯ ᠮᠡᠨᠳᠦ᠂ ᠠᠮᠤᠷ ᠲᠦᠪᠰᠢᠨ ᠥᠩᠭᠡᠷᠡᠭᠦᠯᠬᠦ ᠶᠢ ᠦᠨᠡᠨᠬᠦ ᠪᠠᠲᠤᠯᠠᠵᠤ᠂ ᠬᠡᠪᠴᠢᠶᠡᠵᠢᠯ ᠤᠨ ᠴᠢᠨᠠᠷᠲᠠᠢ ᠬᠢᠵᠢᠭ ᠤᠨ ᠪᠠᠶᠢᠳᠠᠯ ᠳᠠᠬᠢᠨ ᠢᠯᠡᠷᠡᠬᠦ ᠦᠭᠡᠢ ᠪᠠᠶᠢᠬᠤ ᠬᠢᠵᠠᠭᠠᠷ ᠱᠤᠭᠤᠮ ᠢ ᠡᠷᠡᠰ ᠪᠠᠲᠤ ᠰᠠᠬᠢᠬᠤ ᠶᠢᠨ ᠲᠦᠯᠦᠭᠡ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠰᠤᠳᠤᠯᠤᠨ ᠲᠣᠭᠲᠠᠭᠠᠯᠲᠠ ᠪᠠᠷ ᠳᠠᠮᠵᠢᠨ᠂ ᠣᠳᠤ ᠬᠤᠯᠪᠣᠭᠳᠠᠯ ᠪᠦᠬᠦᠢ ᠵᠦᠢᠯᠡᠰ ᠢ ᠳᠣᠣᠷ᠎ᠠ ᠵᠠᠷᠯᠠᠶ᠎ᠠ᠄      ᠨᠢᠭᠡ᠂ ᠪᠠᠶᠠᠷ ᠳᠤᠷᠠᠰᠬᠠᠯ ᠠᠮᠠᠷᠠᠯᠲᠠ ᠶᠢᠨ ᠬᠤᠭᠤᠴᠠᠭᠠᠨ ᠳᠤ ᠬᠥᠮᠥᠰ ᠤᠨ ᠡᠰᠢ ᠲᠡᠰᠢ ᠰᠢᠯᠵᠢᠬᠦ ᠶᠢ ᠪᠠᠭᠠᠰᠬᠠᠨ᠎ᠠ᠃ ᠠᠮᠠᠷᠠᠯᠲᠠ ᠶᠢᠨ ᠬᠤᠭᠤᠴᠠᠭᠠᠨ ᠳᠤ ᠮᠠᠨ ᠤ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠴᠢᠬᠤᠯᠠ ᠦᠭᠡᠢ ᠪᠣᠯ ᠬᠤᠰᠢᠭᠤ ᠰᠢᠶᠠᠨ ᠠᠯᠤᠰᠯᠠᠨ ᠭᠠᠳᠠᠭᠰᠢ ᠶᠠᠪᠤᠬᠤ ᠦᠭᠡᠢ ᠪᠠᠶᠢᠵᠤ᠂ 14 ᠡᠳᠦᠷ ᠤᠨ ᠳᠣᠲᠣᠷ᠎ᠠ ᠲᠣᠰ ᠭᠠᠵᠠᠷ ᠣᠷᠣᠨ ᠳᠤ ᠰᠢᠨ᠎ᠡ ᠲᠢᠳᠢᠮᠯᠢᠭ ᠸᠢᠷᠦ᠋ᠰ ᠲᠤ ᠬᠠᠯᠳᠠᠪᠤᠷᠢᠯᠠᠭᠰᠠᠨ ᠬᠦᠮᠦᠰ ᠰᠢᠨ᠎ᠡ ᠪᠠᠷ ᠨᠡᠮᠡᠭᠳᠡᠭᠰᠡᠨ ᠪᠠ ᠬᠠᠭᠤᠷᠠᠢ ᠵᠠᠮ ᠤᠨ ᠬᠢᠯᠢ ᠶᠢᠨ ᠪᠣᠭᠤᠮᠲᠠ ᠶᠢᠨ ᠬᠤᠲᠠ ᠳᠤ ᠣᠴᠢᠬᠤ ᠦᠭᠡᠢ ᠪᠠᠶᠢᠬᠤ ᠶᠢ ᠰᠠᠨᠠᠭᠠᠴᠢᠯᠠᠨ᠎ᠠ᠃ ᠦᠨᠡᠨᠬᠦ ᠭᠠᠳᠠᠭᠰᠢ ᠭᠠᠷᠬᠤ ᠴᠢᠬᠤᠯᠠ ᠲᠠᠢ ᠪᠣᠯ᠂ ᠬᠤᠪᠢ ᠬᠥᠮᠥᠨ ᠤ ᠬᠠᠮᠠᠭᠠᠯᠠᠯᠲᠠ ᠶᠢ ᠪᠥᠬᠦ ᠶᠠᠪᠤᠴᠠ ᠳᠤ ᠰᠠᠶᠢᠲᠤᠷ ᠬᠢᠵᠦ᠂ ᠭᠠᠳᠠᠭᠰᠢ ᠭᠠᠷᠬᠤ ᠵᠢᠴᠢ ᠪᠤᠴᠠᠵᠤ ᠢᠷᠡᠬᠦ ᠠᠴᠠ ᠪᠠᠨ ᠡᠮᠦᠨ᠎ᠡ ᠪᠠᠶᠢᠭ᠎ᠠ ᠨᠢᠭᠡᠴᠡ᠂ ᠨᠡᠶᠢᠭᠡᠮ ᠲᠣᠭᠤᠷᠢᠭ ᠲᠤ ᠪᠠᠨ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠪᠤᠴᠠᠵᠤ ᠢᠷᠡᠭᠰᠡᠨ ᠤ ᠳᠠᠷᠠᠭ᠎ᠠ ᠵᠣᠬᠢᠬᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ᠃      ᠬᠤᠶᠠᠷ᠂ ᠭᠠᠳᠠᠨ᠎ᠠ ᠠᠴᠠ ᠢᠷᠡᠭᠰᠡᠨ ᠬᠥᠮᠥᠰ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠬᠥᠯᠥᠨ ᠪᠤᠶᠢᠷ ᠬᠤᠲᠠ ᠶᠢᠨ ᠭᠠᠳᠠᠨ᠎ᠠ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠥᠰ ᠤᠷᠢᠳᠴᠢᠯᠠᠨ 2 ᠡᠳᠦᠷ ᠪᠠᠶᠢᠭ᠎ᠠ ᠨᠡᠶᠢᠭᠡᠮ ᠲᠣᠭᠤᠷᠢᠭ ᠲᠤ ᠪᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ᠬᠥᠯᠥᠨ ᠪᠤᠶᠢᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 35 ᠳ᠋ᠤᠭᠠᠷ ᠲᠣᠭᠠᠲᠤ ᠠᠯᠪᠠᠨ ᠵᠠᠷᠯᠠᠯ ᠤᠨ ᠵᠣᠷᠢᠭ ᠰᠠᠨᠠᠭ᠎ᠠ ᠶᠣᠰᠣᠭᠠᠷ᠂ 14 ᠡᠳᠦᠷ ᠤᠨ ᠳᠣᠲᠣᠷ᠎ᠠ ᠤᠯᠤᠰ ᠤᠨ ᠳᠣᠲᠣᠭᠠᠳᠤ ᠶᠢᠨ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠤ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠥᠰ ᠲᠤ ︽14 ᠡᠳᠦᠷ ᠲᠥᠪᠯᠡᠷᠡᠭᠦᠯᠦᠨ ᠲᠤᠰᠠᠭᠠᠷᠯᠠᠬᠤ + 5 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ︾ ᠬᠢᠬᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ 14 ᠡᠳᠦᠷ ᠤᠨ ᠳᠣᠲᠣᠷ᠎ᠠ ᠤᠯᠤᠰ ᠤᠨ ᠳᠣᠲᠣᠭᠠᠳᠤ ᠶᠢᠨ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠤ ᠪᠠᠶᠢᠭ᠎ᠠ ᠬᠤᠲᠠ ︵ᠵᠧᠦ᠂ ᠠᠶᠢᠮᠠᠭ︶ ᠶᠢᠨ ᠪᠤᠰᠤᠳ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠥᠰ ᠲᠤ ︽14 ᠡᠳᠦᠷ ᠭᠡᠷ ᠲᠡᠭᠡᠨ ᠲᠤᠰᠠᠭᠠᠷᠯᠠᠨ ᠠᠵᠢᠭᠯᠠᠬᠤ + 5 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ︾ ᠬᠢᠬᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ ᠤᠯᠤᠰ ᠤᠨ ᠳᠣᠲᠣᠭᠠᠳᠤ ᠶᠢᠨ ᠪᠤᠰᠤᠳ ᠳᠣᠣᠷ᠎ᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠥᠰ 48 ᠴᠠᠭ ᠤᠨ ᠳᠣᠲᠣᠷ᠎ᠠ 2 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷᠲᠠᠢ ᠮᠡᠳᠡᠭᠦᠯᠦᠯᠲᠡ ᠶᠢ ᠠᠪᠴᠤ᠂ ᠮᠠᠨ ᠤ ᠬᠤᠰᠢᠭᠤᠨ ᠳᠤ ᠬᠦᠷᠦᠮᠡᠭᠴᠡ ᠳᠠᠬᠢᠨ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠦᠷ᠎ᠡ ᠳ᠋ᠦᠩ ᠭᠠᠷᠬᠤ ᠠᠴᠠ ᠡᠮᠦᠨ᠎ᠡ ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠴᠢᠩᠭ᠎ᠠ ᠬᠢᠵᠦ᠂ ᠡᠨᠡᠬᠦ ᠬᠤᠭᠤᠴᠠᠭᠠᠨ ᠳᠤ ᠪᠤᠰᠤᠳ ᠬᠥᠮᠥᠨ ᠲᠠᠢ ᠣᠶᠢᠷᠠᠳᠬᠤ ᠠᠴᠠ ᠵᠠᠶᠢᠯᠠᠰᠬᠢᠨ᠎ᠡ᠂ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷᠲᠠᠢ ᠪᠣᠯ᠂ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠣᠷ᠎ᠠ ᠡᠮᠬᠢ ᠵᠢᠷᠤᠮ ᠲᠠᠢ ᠪᠠᠷ ᠰᠢᠯᠵᠢᠵᠦ ᠪᠣᠯᠣᠨ᠎ᠠ᠃ ᠪᠤᠴᠠᠵᠤ ᠢᠷᠡᠭᠰᠡᠨ ᠬᠦᠮᠦᠰ ᠠᠶᠠᠨ ᠵᠠᠮ ᠢᠶᠠᠨ ᠨᠢᠭᠤᠨ ᠳᠠᠯᠳᠠᠯᠠᠭᠰᠠᠨ ᠪᠤᠶᠤ ᠰᠠᠨᠠᠭᠠᠴᠢᠯᠠᠭ᠎ᠠ ᠠᠴᠠ ᠪᠠᠨ ᠮᠡᠳᠡᠭᠦᠯᠵᠦ ᠳᠠᠩᠰᠠᠯᠠᠭᠤᠯᠤᠭᠰᠠᠨ ᠦᠭᠡᠢ ᠠᠴᠠ ᠪᠣᠯᠵᠤ ᠬᠢᠵᠢᠭ ᠤᠨ ᠪᠠᠶᠢᠳᠠᠯ ᠢ ᠳᠡᠯᠭᠡᠷᠡᠭᠦᠯᠦᠭᠰᠡᠨ ᠪᠠᠶᠢᠪᠠᠯ ᠲᠤᠬᠠᠢ ᠶᠢᠨ ᠬᠥᠮᠥᠨ ᠠᠴᠠ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠭᠤᠷᠪᠠ᠂ ᠭᠤᠣᠯᠳᠠᠯᠭ᠎ᠠ ᠲᠠᠢ ᠲᠠᠯᠠᠪᠤᠷ ᠭᠠᠵᠠᠷ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠡᠮᠴᠢᠯᠡᠭᠡᠨ ᠤ ᠪᠠᠶᠢᠭᠤᠯᠤᠮᠵᠢ᠂ ᠬᠤᠳᠠᠯᠳᠤᠭᠠᠨ ᠤ ᠳᠡᠯᠭᠡᠭᠦᠷ ᠬᠡᠲᠦ ᠳᠡᠯᠭᠡᠭᠦᠷ᠂ ᠵᠣᠴᠢᠳ ᠤᠨ ᠪᠠᠭᠤᠳᠠᠯ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠰᠢᠲᠠᠷ᠎ᠠ ᠶᠢᠨ ᠥᠷᠥᠭᠡ᠂ ᠰᠦᠯᠵᠢᠶᠡᠨ ᠤ ᠪᠠᠭᠠᠷ᠂ ᠺᠢᠨᠣ᠋ ᠶᠢᠨ ᠣᠷᠳᠣᠨ᠂ KTV ᠵᠡᠷᠭᠡ ᠭᠤᠣᠯᠳᠠᠯᠭ᠎ᠠ ᠲᠠᠢ ᠲᠠᠯᠠᠪᠤᠷ ᠠᠮᠠᠪᠴᠢ ᠵᠡᠭᠦᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠺᠣᠳ᠋ ᠰᠢᠷᠪᠢᠬᠦ᠂ ᠡᠷᠡᠭᠦᠯ ᠮᠡᠨᠳᠦ ᠶᠢᠨ ᠨᠣᠮᠧᠷ᠂ ᠠᠶᠠᠯᠠᠯ ᠤᠨ ᠨᠣᠮᠧᠷ ᠢ ᠪᠠᠶᠢᠴᠠᠭᠠᠨ ᠦᠵᠡᠬᠦ᠂ ᠰᠠᠯᠬᠢ ᠨᠠᠪᠲᠠᠷᠡᠭᠦᠯᠵᠦ ᠠᠷᠢᠭᠤᠳᠬᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃      ᠳᠥᠷᠪᠡ᠂ ᠠᠮᠠᠷᠠᠯᠲᠠ ᠶᠢᠨ ᠬᠤᠭᠤᠴᠠᠭᠠᠨ ᠳᠤ ᠬᠥᠮᠥᠰ ᠤᠨ ᠴᠤᠭᠯᠠᠷᠠᠬᠤ ᠶᠢ ᠴᠢᠩᠭ᠎ᠠ ᠬᠢᠵᠠᠭᠠᠷᠯᠠᠨ᠎ᠠ᠃ ᠴᠤᠭᠯᠠᠷᠠᠬᠤ ᠦᠭᠡᠢ᠂ ᠪᠥᠭᠡᠮᠨᠡᠷᠡᠬᠦ ᠦᠭᠡᠢ ᠪᠠᠶᠢᠬᠤ ᠶᠢ ᠰᠠᠨᠠᠭᠠᠴᠢᠯᠠᠵᠤ᠂ ᠬᠠᠯᠳᠠᠪᠤᠷᠢᠯᠠᠬᠤ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠪᠥᠬᠦ ᠬᠤᠰᠢᠭᠤᠨ ᠤ ᠬᠡᠪᠴᠢᠶᠡᠨ ᠳᠤ ᠪᠡᠶ᠎ᠡ ᠶᠢᠨ ᠲᠠᠮᠢᠷ ᠤᠨ ᠤᠷᠤᠯᠳᠤᠭᠠᠨ᠂ ᠤᠷᠠᠨ ᠰᠠᠶᠢᠬᠠᠨ ᠤ ᠲᠣᠭᠯᠠᠯᠲᠠ᠂ ᠳᠡᠯᠭᠡᠨ ᠪᠣᠷᠣᠯᠠᠭᠤᠯᠬᠤ ᠵᠡᠷᠭᠡ ᠴᠤᠭᠯᠠᠷᠠᠯ ᠤᠨ ᠴᠢᠨᠠᠷᠲᠠᠢ ᠠᠵᠢᠯᠯᠠᠭ᠎ᠠ ᠡᠷᠭᠢᠯᠡᠬᠦ ᠶᠢ ᠲᠦᠷ ᠬᠤᠶᠢᠰᠢᠯᠠᠭᠤᠯᠤᠨ᠎ᠠ᠃ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠬᠦ᠂ ᠪᠠᠶᠠᠷ ᠤᠨ ᠶᠠᠪᠤᠳᠠᠯ ᠢ ᠬᠤᠶᠢᠰᠢᠯᠠᠭᠤᠯᠬᠤ᠂ ᠳᠠᠶᠢᠯᠠᠯᠭ᠎ᠠ ᠦᠯᠦ ᠬᠢᠬᠦ ᠶᠢ ᠰᠠᠨᠠᠭᠠᠴᠢᠯᠠᠵᠤ᠂ ᠪᠤᠢ ᠪᠦᠬᠦᠢ ᠡᠵᠡᠩᠨᠡᠯᠲᠡ ᠶᠢᠨ ᠲᠠᠯᠠᠪᠤᠷ ᠭᠠᠵᠠᠷ 50% ᠤᠨ ᠤᠷᠤᠰᠬᠠᠯ ᠤᠨ ᠬᠡᠮᠵᠢᠶ᠎ᠡ ᠪᠠᠷ ᠡᠵᠡᠩᠨᠡᠵᠦ᠂ ᠭᠡᠷ ᠪᠦᠯᠢ ᠶᠢᠨ ᠴᠤᠭᠯᠠᠭᠠᠨ ᠪᠠ ᠬᠠᠮᠲᠤ ᠶᠢᠨ ᠳᠠᠶᠢᠯᠠᠯᠭ᠎ᠠ ᠶᠢ 10 ᠬᠥᠮᠥᠨ ᠠᠴᠠ ᠬᠡᠲᠦᠷᠡᠭᠦᠯᠬᠦ ᠦᠭᠡᠢ ᠪᠠᠶᠢᠬᠤ ᠶᠢ ᠰᠠᠨᠠᠭᠠᠴᠢᠯᠠᠨ᠎ᠠ᠃      ᠲᠠᠪᠤ᠂ ︽ᠳᠥᠷᠪᠡᠨ ᠲᠥᠷᠥᠯ ᠤᠨ ᠡᠮ ᠤᠨ ᠵᠦᠢᠯ︾ ᠤᠨ ᠪᠣᠷᠤᠯᠠᠭᠤᠯᠭ᠎ᠠ ᠶᠢ ᠳᠦᠷᠢᠮᠵᠢᠭᠦᠯᠦᠨ᠎ᠡ᠃ ᠬᠤᠪᠢ ᠶᠢᠨ ᠡᠮᠴᠢᠯᠡᠭᠡᠨ ᠤ ᠭᠠᠵᠠᠷ᠂ ᠡᠮ ᠤᠨ ᠳᠡᠯᠭᠡᠭᠦᠷ ᠤᠳ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠤᠭᠠᠬᠤ᠂ ᠬᠠᠯᠳᠠᠪᠤᠷᠢᠯᠠᠯ ᠢ ᠡᠰᠡᠷᠭᠦᠴᠡᠬᠦ᠂ ᠪᠠᠺᠲ᠋ᠧᠷᠢ ᠶᠢ ᠡᠰᠡᠷᠭᠦᠴᠡᠬᠦ ᠵᠡᠷᠭᠡ ︽ᠳᠥᠷᠪᠡᠨ ᠲᠥᠷᠥᠯ ᠤᠨ ᠡᠮ ᠤᠨ ᠵᠦᠢᠯ︾ ᠪᠣᠷᠣᠯᠠᠭᠤᠯᠬᠤ ᠶᠢ ᠳᠦᠷᠢᠮᠵᠢᠭᠦᠯᠵᠦ᠂ ᠬᠤᠳᠠᠯᠳᠤᠨ ᠠᠪᠤᠭᠰᠠᠳ ᠢ ᠦᠨᠡᠨ ᠨᠡᠷ᠎ᠡ ᠪᠠᠷ ᠨᠢ ᠳᠠᠩᠰᠠᠯᠠᠭᠤᠯᠵᠤ᠂ ︽ᠳᠥᠷᠪᠡᠨ ᠲᠥᠷᠥᠯ ᠤᠨ ᠡᠮ ᠤᠨ ᠵᠦᠢᠯ︾ ᠢ ᠰᠦᠯᠵᠢᠶ᠎ᠡ ᠪᠠᠷ ᠪᠣᠷᠣᠯᠠᠭᠤᠯᠬᠤ ᠶᠢ ᠴᠥᠮ ᠲᠦᠷ ᠵᠣᠭᠰᠣᠭᠠᠨ᠎ᠠ᠃ ᠬᠤᠰᠢᠭᠤᠨ ᠤ ᠬᠡᠪᠴᠢᠶᠡᠨ ᠳᠠᠬᠢ ᠬᠤᠪᠢ ᠶᠢᠨ ᠡᠮᠴᠢᠯᠡᠭᠡᠨ ᠤ ᠭᠠᠵᠠᠷ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠢᠯᠡᠷᠡᠯ ᠲᠠᠢ ᠡᠪᠡᠳᠴᠢᠲᠡᠨ ᠢ ᠭᠥᠯᠢᠶᠡᠨ ᠠᠪᠴᠤ ᠡᠮᠨᠡᠭᠦᠯᠵᠦ ᠪᠣᠯᠬᠤ ᠦᠭᠡᠢ᠃      ᠵᠢᠷᠭᠤᠭ᠎ᠠ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠴᠢᠩᠭᠠᠳᠬᠠᠨ᠎ᠠ᠃ ᠣᠳᠣᠬᠠᠨ ᠳᠤ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠢ ᠳᠠᠷᠢᠬᠤ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠬᠢᠮᠳᠠ᠂ ᠬᠠᠮᠤᠭ ᠤᠨ ᠪᠦᠲᠦᠮᠵᠢᠲᠡᠶ ᠠᠷᠭ᠎ᠠ ᠬᠡᠯᠪᠡᠷᠢ ᠮᠥᠨ᠂ ᠡᠭᠦᠨ ᠤ ᠬᠠᠮᠲᠤ ᠸᠠᠺᠼᠢᠨ ᠤ ᠲᠠᠷᠢᠯᠭ᠎ᠠ ᠬᠢᠯᠭᠡᠬᠦ ᠪᠣᠯ ᠪᠠᠰᠠ ᠴᠤ ᠠᠷᠠᠳ ᠢᠷᠭᠡᠨ ᠨᠢᠭᠡᠪᠦᠷᠢ ᠶᠢᠨ ᠬᠠᠷᠢᠭᠤᠴᠠᠯᠭ᠎ᠠ ᠪᠠ ᠡᠭᠦᠷᠭᠡ ᠮᠥᠨ᠂ ᠲᠠᠷᠢᠯᠭ᠎ᠠ ᠬᠢᠭᠡᠳᠦᠢ ᠪᠤᠶᠤ ᠲᠠᠷᠢᠯᠭ᠎ᠠ ᠶᠢᠨ ᠪᠦᠬᠦ ᠶᠠᠪᠤᠴᠠ ᠶᠢ ᠪᠡᠶᠡᠯᠡᠭᠦᠯᠦᠭᠡᠳᠦᠢ ᠣᠯᠠᠨ ᠲᠦᠮᠡᠨ ᠨᠡᠶᠢᠭᠡᠮ ᠲᠣᠭᠤᠷᠢᠭ ᠤᠨ ᠲᠣᠬᠢᠷᠠᠭᠤᠯᠤᠯᠲᠠ ᠶᠣᠰᠣᠭᠠᠷ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠢ ᠠᠯᠢ ᠲᠦᠷᠭᠡᠨ ᠢᠶᠠᠷ ᠰᠠᠨᠠᠭᠠᠴᠢᠯᠠᠭ᠎ᠠ  ᠠᠴᠠ ᠪᠠᠨ ᠳᠠᠷᠢᠵᠤ᠂ ᠪᠥᠬᠦ ᠠᠷᠠᠳ ᠤᠨ ᠡᠪᠡᠳᠴᠢᠨ ᠢ ᠡᠰᠡᠷᠭᠦᠴᠡᠬᠦ ᠬᠠᠯᠬᠠᠪᠴᠢ ᠶᠢ ᠬᠠᠮᠲᠤᠪᠠᠷ ᠴᠣᠭᠴᠠᠯᠠᠶ᠎ᠠ᠃             ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                 ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                            2022 ᠣᠨ ᠤ 4 ᠰᠠᠷ᠎ᠠ ᠶᠢᠨ 23 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号