ᠪᠥᠬᠡᠪᠠᠶᠠᠷ ᠠᠵᠤ ᠠᠬᠤᠶᠢᠯᠠᠯ ᠳᠤ ᠬᠦᠷᠴᠦ ᠮᠠᠯᠵᠢᠬᠤ ᠡᠷᠦᠬᠡ ᠪᠠᠷ ᠭᠦᠨᠵᠡᠭᠡᠶᠢᠷᠡᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ᠂ ᠲᠥᠯ ᠲᠣᠰᠴᠤ ᠪᠣᠶᠢᠵᠢᠭᠤᠯᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/4/6
     4 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠥᠬᠡᠪᠠᠶᠠᠷ ᠳᠤᠮᠳᠠᠳᠤ ᠤᠯᠤᠰ ᠤᠨ ᠬᠤᠸᠠᠩ ᠶᠢᠨ ᠪᠦᠯᠦᠭᠯᠡᠯ ᠤᠨ ᠥᠪᠥᠷ ᠮᠣᠩᠭᠤᠯ ᠳᠠᠬᠢ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠬᠥᠯᠥᠨ ᠪᠠᠯᠭᠠᠰᠤ ᠶᠢᠨ ᠶᠡᠭᠡ ᠨᠠᠭᠤᠷ ᠭᠠᠴᠠᠭ᠎ᠠ ᠶᠢᠨ ᠮᠠᠯᠴᠢᠨ ᠭᠤᠸ᠎ᠠ᠂ ᠲᠡᠯᠡᠶ ᠰᠤᠮᠤ ᠶᠢᠨ ᠷᠠᠰᠢᠶᠠᠨᠪᠤᠯᠠᠭ ᠭᠠᠴᠠᠭ᠎ᠠ ᠶᠢᠨ ᠤᠯᠠᠭᠠᠨ ᠪᠠᠬᠢᠯᠡᠯᠲᠡ ᠶᠢᠨ ᠡᠷᠦᠬᠡ ᠢᠦᠢ ᠮᠧᠶ ᠶᠢᠨ ᠭᠡᠷ ᠲᠤ ᠭᠦᠨᠵᠡᠭᠡᠶᠢᠷᠡᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ᠂ ᠲᠥᠯ ᠲᠤᠰᠴᠤ ᠪᠣᠶᠢᠵᠢᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠦ ᠰᠢᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠳᠠᠯᠠᠶᠢᠪᠠᠲᠤ᠂ ᠸᠠᠩ ᠰᠢᠶᠣᠣ ᠹᠧᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠪᠠᠷ᠎ᠠ ᠪᠣᠯᠪᠠ᠃      ᠪᠥᠬᠡᠪᠠᠶᠠᠷ ᠵᠡᠷᠭᠡ ᠤᠳᠤᠷᠢᠳᠤᠯᠭ᠎ᠠ ᠨᠣᠷᠣᠨ ᠨᠤᠲᠤᠭ ᠲᠤ ᠰᠠᠭᠤᠭ᠎ᠠ ᠠᠵᠤ ᠠᠬᠤᠶᠢᠯᠠᠯ ᠪᠣᠯᠬᠤ ᠳᠤᠮᠳᠠᠳᠤ ᠤᠯᠤᠰ ᠤᠨ ᠬᠤᠸᠠᠩ ᠶᠢᠨ ᠪᠦᠯᠦᠭᠯᠡᠯ ᠤᠨ ᠥᠪᠥᠷ ᠮᠣᠩᠭᠤᠯ ᠳᠠᠬᠢ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠵᠠᠳᠠᠭᠠᠢ ᠠᠭᠤᠷᠬᠠᠢ ᠮᠠᠯᠲᠠᠬᠤ ᠲᠠᠯᠠᠪᠠᠢ᠂ ᠦᠯᠡᠳᠡᠭᠳᠡᠯ ᠬᠦᠳᠡᠷ ᠤᠨ ᠬᠥᠮᠥᠷᠭᠡ ᠶᠢᠨ ᠲᠣᠭᠤᠷᠢᠭ ᠲᠤ ᠭᠦᠨᠵᠡᠭᠡᠶᠢᠷᠡᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠶᠢᠨ ᠠᠵᠢᠯ ᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃
     ᠪᠥᠬᠡᠪᠠᠶᠠᠷ ᠴᠢᠩᠭᠠᠳᠬᠠᠬᠤ ᠳᠠᠭᠠᠨ᠂ ᠠᠵᠤ ᠠᠬᠤᠶᠢᠯᠠᠯ ᠡᠷᠬᠡᠪᠰᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠳᠡᠭᠡᠭᠰᠢᠯᠡᠭᠦᠯᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠤᠯᠤᠰ ᠲᠦᠷᠦ ᠶᠢᠨ ᠪᠡᠶ᠎ᠡ ᠶᠢᠨ ᠪᠠᠶᠢᠴᠠᠭᠠᠯᠲᠠ᠂ ᠠᠵᠢᠯ ᠦᠢᠯᠡᠰ ᠤᠨ ᠶᠡᠭᠡ ᠰᠢᠯᠭᠠᠯᠲᠠ ᠪᠣᠯᠭᠠᠵᠤ᠂ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠮᠠᠨ ᠤ ᠬᠤᠰᠢᠭᠤᠨ ᠳᠤ ᠨᠠᠶᠢᠳᠠᠪᠤᠷᠢᠵᠢᠭᠤᠯᠤᠭᠰᠠᠨ ᠤ ᠦᠷ᠎ᠡ ᠪᠦᠲᠦᠭᠡᠯ ᠤᠨ ᠰᠢᠯᠭᠠᠨ ᠪᠠᠶᠢᠴᠠᠭᠠᠯᠲᠠ ᠪᠣᠯᠭᠠᠬᠤ ᠬᠡᠷᠡᠭᠲᠡᠢ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠬᠦᠯᠢᠶᠡᠬᠦ ᠠᠵᠢᠯ ᠤᠨ ᠤᠯᠤᠰ ᠲᠦᠷᠦ ᠶᠢᠨ ᠵᠣᠭᠰᠣᠴᠠ᠂ ᠤᠯᠤᠰ ᠲᠦᠷᠦ ᠶᠢᠨ ᠣᠪᠣᠷ  ᠤᠯᠤᠰ ᠲᠦᠷᠦ ᠶᠢᠨ ᠬᠠᠷᠢᠭᠤᠴᠠᠯᠭ᠎ᠠ ᠶᠢ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠢ ᠨᠠᠷᠢᠯᠢᠭ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠠᠴᠠ ᠰᠢᠯᠵᠢᠭᠦᠯᠦᠨ ᠭᠦᠢᠴᠡᠳᠬᠡᠭᠦᠯᠵᠦ ᠬᠠᠷᠢᠭᠤ ᠲᠤᠰᠬᠠᠭᠰᠠᠨ ᠠᠰᠠᠭᠤᠳᠠᠯ ᠳᠤ ᠲᠤᠰᠬᠠᠢ ᠲᠥᠰᠥᠯ ᠭᠠᠷᠭᠠᠵᠤ᠂ ᠨᠠᠷᠢᠨ ᠳᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ ᠡᠭᠦᠨ ᠤ ᠬᠠᠮᠲᠤ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠥᠪᠡᠷ ᠢ ᠪᠠᠨ ᠪᠠᠶᠢᠴᠠᠭᠠᠬᠤ ᠠᠵᠢᠯ ᠢ ᠬᠠᠨᠳᠤᠯᠭᠠᠲᠤ ᠴᠢᠨᠠᠷᠲᠠᠢ ᠪᠠᠷ ᠥᠷᠨᠢᠭᠦᠯᠵᠦ᠂ ᠲᠣᠭᠤᠰᠣ᠂ ᠤᠰᠤᠨ ᠤ ᠴᠢᠨᠠᠷ᠂ ᠱᠤᠤᠭᠢᠶᠠᠨ᠂ ᠬᠥᠷᠥᠰᠥ ᠰᠢᠷᠣᠢ ᠵᠡᠷᠭᠡ ᠶᠢ ᠵᠠᠰᠠᠬᠤ ᠡᠷᠴᠢᠮ ᠢᠶᠠᠨ ᠴᠢᠩᠭᠠᠷᠠᠭᠤᠯᠵᠤ  ᠠᠵᠤ ᠠᠬᠤᠶᠢᠯᠠᠯ ᠤᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠠᠵᠢᠯ ᠤᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠠᠮᠢ ᠠᠬᠤᠢ ᠶᠢ ᠤᠷᠢᠳᠠᠪᠠᠷ ᠪᠣᠳᠣᠯᠬᠢᠯᠠᠨ᠂ ᠪᠣᠬᠢᠷᠳᠤᠯ ᠦᠭᠡᠢ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ ᠭᠡᠵᠡᠢ᠃      ᠪᠥᠬᠡᠪᠠᠶᠠᠷ ᠪᠠᠰᠠ ᠠᠶᠤᠯᠭᠦᠢ ᠦᠢᠯᠡᠳᠪᠦᠷᠢᠯᠡᠯ᠂ ᠭᠠᠯ ᠢ ᠰᠡᠷᠭᠡᠶᠢᠯᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠪᠠ᠃      ᠲᠦᠷᠪᠡᠨ ᠰᠠᠷ᠎ᠠ ᠶᠢᠨ ᠲᠠᠯ᠎ᠠ ᠨᠤᠲᠤᠭ ᠲᠤ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠲᠠᠯ᠎ᠠ ᠨᠤᠲᠤᠭ ᠤᠨ ᠭᠦᠨ ᠳᠤ ᠰᠢᠨ᠎ᠡ ᠠᠮᠢ ᠨᠠᠰᠤ ᠶᠢ ᠪᠤᠢ ᠪᠣᠯᠭᠠᠵᠤ ᠪᠠᠶᠢᠨ᠎ᠠ᠃ ᠪᠥᠬᠡᠪᠠᠶᠠᠷ ᠬᠥᠯᠥᠨ ᠪᠠᠯᠭᠠᠰᠤ ᠶᠢᠨ ᠶᠡᠬᠡᠨᠠᠭᠤᠷ ᠭᠠᠴᠠᠭ᠎ᠠ ᠶᠢᠨ ᠮᠠᠯᠴᠢᠨ ᠭᠤᠸ᠎ᠠ ᠪᠠ ᠳᠠᠯᠠᠢ ᠰᠤᠮᠤ ᠶᠢᠨ ᠷᠠᠰᠢᠶᠠᠨᠪᠤᠯᠠᠭ ᠭᠠᠴᠠᠭ᠎ᠠ ᠶᠢᠨ ᠤᠯᠠᠭᠠᠨ ᠪᠠᠬᠢᠯᠡᠯᠲᠡ ᠶᠢᠨ ᠡᠷᠦᠬᠡ ᠢᠦᠢ ᠮᠧᠢ ᠶᠢᠨ ᠭᠡᠷ ᠲᠤ ᠬᠦᠷᠴᠦ᠂ ᠲᠥᠯ ᠲᠣᠰᠴᠤ ᠪᠣᠶᠢᠵᠢᠭᠤᠯᠬᠤ᠂ ᠡᠪᠡᠰᠦ ᠪᠣᠷᠳᠤᠭ᠎ᠠ ᠨᠥᠭᠡᠴᠡᠯᠡᠬᠦ᠂ ᠮᠠᠯ ᠤᠨ ᠲᠠᠷᠭᠤ ᠬᠦᠴᠦ ᠪᠠ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠠᠵᠢᠯ ᠢ ᠨᠠᠷᠢᠯᠢᠭ ᠠᠰᠠᠭᠤᠨ ᠣᠶᠢᠯᠠᠭᠠᠪᠠ᠃ ᠲᠡᠷᠡ  ᠴᠢᠬᠤᠯᠠᠴᠢᠯᠠᠬᠤ ᠳᠠᠭᠠᠨ᠂ ᠣᠳᠣᠬᠠᠨ ᠳᠤ ᠶᠠᠭ ᠬᠠᠪᠤᠷ ᠤᠨ ᠤᠯᠠᠷᠢᠯ ᠤᠨ ᠲᠥᠯ ᠲᠤᠰᠴᠤ ᠪᠣᠶᠢᠵᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠨ᠎ᠠ᠂ ᠰᠤᠮᠤ ᠪᠠᠯᠭᠠᠰᠤ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠨᠢᠭᠡᠳᠦᠭᠡᠷ ᠹᠷᠣᠨᠲ ᠲᠤ ᠴᠢᠷᠮᠠᠶᠢᠨ ᠭᠦᠨᠵᠡᠭᠡᠶᠢᠷᠡᠵᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠢᠯᠡᠭᠦᠬᠡᠨ ᠣᠶᠢᠯᠠᠭᠠᠨ᠂ ᠮᠠᠯᠴᠢᠨ ᠲᠦᠮᠡᠨ ᠤ ᠪᠤᠳᠤᠵᠤ ᠬᠦᠰᠡᠵᠦ ᠪᠤᠳᠤᠵᠤ ᠪᠠᠶᠢᠭ᠎ᠠ ᠵᠦᠢᠯ ᠢ ᠢᠯᠡᠭᠦᠬᠡᠨ ᠰᠣᠨᠣᠰᠴᠤ᠂ ᠪᠣᠳᠠᠲᠠᠢ ᠠᠷᠭ᠎ᠠ ᠪᠣᠳᠣᠯᠭ᠎ᠠ ᠶᠢ ᠢᠯᠡᠭᠦᠬᠡᠨ ᠭᠠᠷᠭᠠᠵᠤ᠂ ᠮᠠᠯ ᠤᠨ ᠡᠷᠡᠭᠦᠯ ᠮᠡᠨᠳᠦ ᠶᠢᠨ ᠪᠠᠶᠢᠳᠠᠯ ᠢ ᠬᠢᠨᠠᠨ ᠡᠵᠡᠮᠳᠡᠬᠦ ᠠᠵᠢᠯ ᠢ ᠦᠨᠡᠨᠬᠦ ᠰᠠᠶᠢᠲᠤᠷ ᠬᠢᠵᠦ᠂ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠢ ᠬᠠᠮᠠᠭᠠᠯᠠᠬᠤ ᠬᠡᠷᠡᠭᠲᠡᠢ᠃ ᠡᠭᠦᠨ ᠤ ᠬᠠᠮᠲᠤ ᠣᠶ ᠰᠢᠭᠤᠢ ᠨᠤᠲᠤᠭ ᠪᠡᠯᠴᠢᠭᠡᠷ ᠢ ᠬᠠᠮᠢᠶᠠᠷᠬᠤ ᠳᠠᠷᠤᠭ᠎ᠠ ᠶᠢᠨ ᠳᠦᠷᠢᠮ ᠤᠨ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠠᠮᠢ ᠠᠬᠤᠢ ᠶᠢᠨ ᠤᠯᠠᠭᠠᠨ ᠱᠤᠭᠤᠮ ᠢ ᠪᠠᠲᠤ ᠰᠠᠬᠢᠵᠤ᠂ ᠮᠠᠨ ᠤ ᠬᠤᠰᠢᠭᠤᠨ ᠤ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号