ᠬᠤᠰᠢᠭᠤᠨ ᠤ ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢᠨ ᠲᠤᠪᠴᠢᠶ᠎ᠠ ᠶᠢᠨ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠠᠰᠠᠭᠤᠨ ᠰᠤᠷᠪᠤᠯᠵᠢᠯᠠᠵᠤ ᠲᠣᠬᠤᠨᠢᠭᠤᠯᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2022/4/6
     ᠣᠶᠢᠷ᠎ᠠ ᠶᠢᠨ ᠡᠳᠦᠷ᠂ ᠬᠤᠰᠢᠭᠤᠨ ᠤ ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢᠨ ᠲᠤᠪᠴᠢᠶ᠎ᠠ ᠶᠢᠨ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠨ ᠬᠦᠯᠦᠨ ᠪᠠᠯᠭᠠᠰᠤ ᠶᠢᠨ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠪᠠ ᠬᠦᠯᠦᠨ ᠨᠠᠭᠤᠷ ᠭᠠᠴᠠᠭ᠎ᠠ ᠶᠢᠨ ᠨᠢᠭᠡᠳᠦᠭᠡᠷ ᠱᠦᠵᠢ ᠲᠠᠢ ᠬᠠᠮᠲᠤᠷᠠᠨ᠂ 2 ᠡᠳᠦᠷ ᠤᠨ ᠬᠤᠭᠤᠴᠠᠭ᠎ᠠ ᠲᠠᠢ ᠪᠠᠷ ᠭᠠᠴᠠᠭᠠᠨ ᠤ ᠶᠠᠳᠠᠭᠤ ᠬᠦᠴᠢᠷᠳᠡᠯᠲᠡᠢ ᠮᠠᠯᠴᠢᠳ ᠤᠨ ᠭᠡᠷ ᠢᠶᠠᠷ ᠠᠰᠠᠭᠤᠨ ᠰᠤᠷᠪᠤᠯᠵᠢᠯᠠᠵᠤ ᠲᠣᠬᠤᠨᠢᠭᠤᠯᠬᠤ ᠠᠵᠢᠯᠯᠠᠭ᠎ᠠ ᠦᠷᠨᠢᠭᠦᠯᠬᠦ ᠶᠢᠨ ᠬᠠᠮᠲᠤ᠂ ᠲᠥᠯ ᠲᠣᠰᠴᠤ ᠪᠣᠶᠢᠵᠢᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠨᠤᠲᠤᠭ ᠪᠡᠯᠴᠢᠭᠡᠷ ᠤᠨ ᠬᠤᠯᠤᠭᠠᠨ᠎ᠠ ᠤᠰᠠᠳᠬᠠᠬᠤ ᠵᠡᠷᠭᠡ ᠠᠰᠠᠭᠤᠳᠠᠯ ᠤᠨ ᠲᠣᠭᠤᠷᠢᠨ ᠳᠤ ᠣᠯᠠᠨ ᠲᠦᠮᠡᠨ ᠲᠠᠢ ᠰᠣᠯᠢᠯᠴᠠᠭ᠎ᠠ ᠦᠷᠨᠢᠭᠦᠯᠪᠡ᠃
     ᠠᠵᠢᠯᠯᠠᠬᠤ ᠠᠩᠭᠢ ᠶᠢᠨ ᠬᠢᠨ ᠮᠠᠯᠴᠢᠳ ᠲᠤ ᠲᠣᠬᠤᠨᠢᠭᠤᠯᠬᠤ ᠪᠣᠳᠠᠰ ᠬᠦᠷᠭᠡᠨ᠂ ᠲᠡᠳᠡᠨᠡᠷ ᠤᠨ ᠬᠠᠪᠤᠷ ᠤᠨ ᠤᠯᠠᠷᠢᠯ ᠤᠨ ᠲᠥᠯ ᠲᠣᠰᠴᠤ ᠪᠣᠶᠢᠵᠢᠭᠤᠯᠬᠤ ᠠᠵᠢᠯ ᠵᠢᠴᠢ ᠦᠢᠯᠡᠳᠪᠦᠷᠢᠯᠡᠯ ᠠᠮᠢᠳᠤᠷᠠᠯ ᠳᠤᠨᠢ ᠲᠤᠯᠭᠠᠷᠠᠵᠤ ᠪᠠᠶᠢᠭ᠎ᠠ ᠪᠠᠶᠢᠭ᠎ᠠ ᠬᠦᠴᠢᠷᠳᠡᠯ ᠢ ᠨᠠᠷᠢᠯᠢᠭ ᠠᠰᠠᠭᠤᠨ ᠣᠶᠢᠯᠠᠭᠠᠵᠤ᠂ ᠡᠪᠡᠰᠦ ᠪᠣᠷᠳᠤᠭ᠎ᠠ ᠨᠦᠬᠡᠴᠡᠯᠡᠭᠰᠡᠨ ᠪᠠᠶᠢᠳᠠᠯ᠂ ᠬᠠᠰᠢᠶ᠎ᠠ ᠰᠠᠷᠠᠪᠴᠢ ᠲᠦᠬᠦᠭᠡᠷᠦᠮᠵᠢ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ ᠬᠤᠯᠣᠭᠠᠨ᠎ᠠ ᠶᠢᠨ ᠬᠢᠵᠢᠭ ᠢ ᠰᠡᠷᠭᠡᠶᠢᠯᠡᠬᠦ ᠲᠤᠬᠠᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠨ᠂ ᠨᠠᠷᠢᠯᠢᠭ ᠲᠠᠶᠢᠯᠪᠤᠷᠢᠯᠠᠨ ᠥᠭᠴᠦ᠂ ᠲᠡᠳᠡᠨ ᠳᠤ ᠬᠦᠴᠢᠷ ᠢ ᠢᠯᠠᠨ ᠳᠠᠪᠠᠭ᠋ᠤ ᠢᠲᠡᠭᠡᠯ ᠵᠣᠷᠢᠭ ᠣᠯᠭᠤᠭᠰᠠᠨ ᠪᠠᠶᠢᠨ᠎ᠠ᠃
     ᠲᠤᠰ ᠤᠳᠠᠭ᠎ᠠ ᠶᠢᠨ ᠡᠷᠦᠬᠡ ᠳᠤ ᠭᠦᠨᠵᠡᠭᠡᠶᠢᠷᠡᠨ ᠠᠰᠠᠭᠤᠨ ᠰᠤᠷᠪᠤᠯᠵᠢᠯᠠᠬᠤ ᠪᠠᠷ ᠳᠠᠮᠵᠢᠨ᠂ ᠠᠵᠢᠯᠯᠠᠬᠤ ᠳᠤᠭᠤᠶᠢᠯᠠᠩ ᠪᠣᠯᠣᠨ ᠮᠠᠯᠴᠢᠨ ᠲᠦᠮᠡᠨ ᠤ ᠬᠤᠭᠤᠷᠣᠨᠳᠣᠬᠢ ᠵᠠᠢ ᠤᠯᠠᠮ ᠪᠣᠭᠤᠨᠢᠰᠴᠤ᠂ ᠮᠠᠯᠴᠢᠨ ᠲᠦᠮᠡᠨ ᠳᠤ ︽ᠠᠨᠠᠷ ᠤᠨ ᠦᠷᠥ ᠮᠡᠲᠦ ᠨᠢᠭᠲᠠᠷᠠᠭᠰᠠᠨ︾ ᠲᠣᠳᠣᠨᠣ ᠬᠠᠯᠠᠮᠵᠢᠯᠠᠯ ᠢ ᠬᠦᠷᠲᠡᠭᠡᠭᠰᠡᠨ ᠪᠠᠶᠢᠨ᠎ᠠ᠃
                                         ᠣᠷᠴᠢᠭᠤᠯᠤᠭᠴᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号