ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠪᠣᠭᠤᠮᠲᠠ ᠶᠢᠨ ᠬᠤᠲᠠ ᠶᠢᠨ ᠠᠵᠢᠯ ᠤᠨ ᠲᠤᠰᠬᠠᠢ ᠠᠩᠭᠢ ᠶᠢᠨ ᠲᠤᠰᠢᠶᠠᠯ ᠳᠤ ᠪᠠᠨ ᠣᠰᠣᠯᠳᠠᠵᠤ ᠬᠠᠷᠢᠭᠤᠴᠠᠯᠭ᠎ᠠ ᠠᠯᠳᠠᠭᠰᠠᠨ ᠬᠥᠮᠥᠰ ᠬᠠᠷᠢᠭᠤᠴᠠᠯᠭ᠎ᠠ ᠨᠡᠬᠡᠮᠵᠢᠯᠡᠭᠳᠡᠪᠡ
ᠨᠡᠶᠢᠲᠡᠯᠡᠭᠰᠡᠨ ᠴᠠᠭ᠄
2022/4/6
     4 ᠳ᠋ᠦ᠋ᠭᠡᠷ ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠤᠳᠤᠷᠢᠳᠤᠯᠭ᠎ᠠ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠪᠣᠭᠤᠮᠲᠠ ᠶᠢᠨ ᠬᠤᠲᠠ ᠶᠢᠨ ᠠᠵᠢᠯ ᠤᠨ ᠲᠤᠰᠬᠠᠢ ᠠᠩᠭᠢ ᠳᠤ ᠬᠦᠷᠴᠦ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠢ ᠨᠢᠭᠤᠴᠠ ᠪᠠᠷ ᠰᠤᠷᠪᠤᠯᠵᠢᠯᠠᠨ ᠪᠠᠶᠢᠴᠠᠭᠠᠭᠰᠠᠨ ᠳᠤ᠂ ᠵᠢᠵᠢᠭᠦᠷᠯᠡᠭᠴᠢ ᠨᠢ ᠠᠵᠢᠯ ᠳᠤ ᠪᠠᠨ ᠳᠠᠳᠮᠠᠭᠠᠢ ᠪᠤᠰᠤ᠂ ᠠᠵᠢᠯ ᠳᠤ ᠪᠠᠨ ᠪᠣᠯᠪᠠᠰᠤᠷᠠᠩᠭᠤᠢ ᠪᠤᠰᠤ᠂ ᠰᠢᠯᠵᠢᠭᠦᠯᠦᠨ ᠠᠪᠤᠭᠰᠠᠨ ᠵᠢᠷᠤᠭ ᠳᠦᠷᠰᠦ ᠶᠢ ᠤᠳᠠᠲᠠᠯ᠎ᠠ ᠰᠢᠯᠵᠢᠭᠦᠯᠦᠨ ᠭᠠᠷᠭᠠᠵᠤ ᠴᠢᠳᠠᠭᠰᠠᠨ ᠦᠭᠡᠢ᠂ ᠡᠵᠡᠮᠰᠢᠪᠡᠰᠦ ᠵᠣᠬᠢᠬᠤ ᠪᠠᠶᠢᠳᠠᠯ ᠢᠶᠠᠨ ᠲᠣᠳᠣᠷᠬᠠᠢ ᠬᠡᠯᠡᠵᠦ ᠳᠡᠶᠢᠯᠬᠦ ᠦᠭᠡᠢ᠂ ᠵᠢᠵᠢᠭᠦᠷ ᠤᠨ ᠳᠠᠭᠠᠭᠤᠯᠬᠤ ᠤᠳᠤᠷᠢᠳᠤᠯᠭ᠎ᠠ ᠨᠢ ᠠᠵᠢᠯ ᠤᠨ ᠪᠠᠶᠢᠷᠢ ᠳᠤ ᠪᠠᠨ ᠪᠠᠶᠢᠬᠤ ᠦᠭᠡᠢ᠂ ᠠᠵᠢᠯ ᠤᠨ ᠪᠠᠶᠢᠳᠠᠯ ᠢᠶᠠᠨ ᠣᠶᠢᠯᠠᠭᠠᠬᠤ ᠦᠭᠡᠢ ᠵᠡᠷᠭᠡ ᠠᠰᠠᠭᠤᠳᠠᠯ ᠢ ᠣᠯᠵᠤ ᠮᠡᠳᠡᠭᠰᠡᠨ ᠪᠥᠭᠡᠳ ᠴᠢᠩᠭ᠎ᠠ ᠰᠢᠭᠦᠮᠵᠢᠯᠡᠪᠡ᠃ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠬᠤᠯᠪᠣᠭᠳᠠᠯ ᠪᠦᠬᠦᠢ ᠤᠳᠤᠷᠢᠳᠤᠯᠭ᠎ᠠ ᠪᠣᠯᠣᠨ ᠬᠤᠯᠪᠣᠭᠳᠠᠯ ᠪᠦᠬᠦᠢ ᠬᠥᠮᠥᠰ ᠤᠨ ᠲᠤᠰᠢᠶᠠᠯ ᠳᠤ ᠪᠠᠨ ᠣᠰᠣᠯᠳᠠᠵᠤ ᠬᠠᠷᠢᠭᠤᠴᠠᠯᠭ᠎ᠠ ᠠᠯᠳᠠᠭᠰᠠᠨ ᠠᠰᠠᠭᠤᠳᠠᠯ ᠠᠴᠠ ᠴᠢᠩᠭ᠎ᠠ ᠬᠠᠷᠢᠭᠤᠴᠠᠯᠭ᠎ᠠ ᠠᠰᠠᠭᠤᠵᠤ ᠨᠡᠬᠡᠮᠵᠢᠯᠡᠪᠡ᠃      ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠪᠣᠭᠤᠮᠲᠠ ᠶᠢᠨ ᠬᠤᠲᠠ ᠶᠢᠨ ᠠᠵᠢᠯ ᠤᠨ ᠲᠤᠰᠬᠠᠢ ᠠᠩᠭᠢ ᠶᠢᠨ ᠳᠡᠳ᠋ ᠳᠠᠷᠤᠭ᠎ᠠ᠂ ᠶᠡᠷᠦᠩᠬᠡᠶᠢᠯᠡᠭᠰᠡᠨ ᠳᠤᠭᠤᠶᠢᠯᠠᠩ ᠤᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠪᠣᠭᠤᠮᠲᠠ ᠶᠢᠨ ᠠᠯᠪᠠᠨ ᠭᠡᠷ ᠤᠨ ᠡᠷᠬᠢᠯᠡᠭᠴᠢ ᠰᠡᠴᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠪᠠ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠤᠭᠰᠠᠨ ᠦᠭᠡᠢ᠂ ᠠᠮᠠᠷᠠᠯᠲᠠ ᠶᠢᠨ ᠬᠤᠭᠤᠴᠠᠭᠠᠨ ᠤ ᠵᠢᠵᠢᠭᠦᠷᠯᠡᠨ ᠰᠠᠬᠢᠬᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠭᠰᠡᠨ ᠦᠭᠡᠢ᠂ ᠦᠵᠡᠯ ᠰᠠᠨᠠᠭ᠎ᠠ ᠨᠢ ᠮᠢᠨᠴᠦᠭᠦᠷᠡᠨ ᠰᠤᠯᠠᠷᠠᠵᠤ᠂ ᠠᠵᠢᠯᠯᠠᠬᠤ ᠤᠬᠠᠮᠰᠠᠷ ᠨᠢ ᠴᠢᠩᠭ᠎ᠠ ᠪᠣᠳᠠᠲᠠᠢ ᠪᠢᠰᠢ᠂ ᠵᠣᠬᠢᠶᠠᠨ ᠪᠠᠶᠢᠭᠤᠯᠤᠯᠲᠠ ᠬᠠᠮᠢᠶᠠᠷᠤᠯᠲᠠ ᠨᠢ ᠰᠤᠯᠠ ᠵᠠᠳᠠᠭᠠᠢ᠂ ᠵᠢᠵᠢᠭᠦᠷ ᠲᠣᠬᠢᠷᠠᠭᠤᠯᠬᠤ ᠮᠡᠳᠡᠭᠳᠡᠯ ᠨᠢ ᠭᠦᠢᠴᠡᠳ ᠪᠤᠰᠤ᠂ ᠠᠵᠢᠯᠲᠠᠨ ᠤ ᠲᠣᠬᠢᠷᠠᠭᠤᠯᠤᠯᠲᠠ ᠨᠢ ᠵᠣᠬᠢᠰ ᠦᠭᠡᠢ ᠠᠴᠠ ᠪᠣᠯᠵᠤ ᠪᠣᠭᠤᠮᠲᠠ ᠬᠤᠳᠠ ᠶᠢᠨ ᠲᠤᠰᠬᠠᠢ ᠵᠢᠵᠢᠭᠦᠷᠯᠡᠨ ᠰᠠᠬᠢᠬᠤ ᠨᠢ ᠨᠡᠷ᠎ᠡ ᠶᠢᠨ ᠲᠡᠳᠦᠢ ᠪᠣᠯᠣᠭᠰᠠᠨ ᠠᠴᠠ ᠭᠤᠣᠯ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠨᠠᠮ ᠤᠨ ᠳᠣᠲᠣᠭᠠᠳᠤ ᠳᠤ ᠴᠢᠩᠭ᠎ᠠ ᠳᠣᠩᠭᠤᠳᠬᠤ ᠰᠢᠢᠳᠬᠡᠯ ᠣᠯᠵᠠᠢ᠃      ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠪᠣᠭᠤᠮᠲᠠ ᠶᠢᠨ ᠬᠤᠲᠠ ᠶᠢᠨ ᠠᠵᠢᠯ ᠤᠨ ᠲᠤᠰᠬᠠᠢ ᠠᠩᠭᠢ ᠶᠢᠨ ᠲᠤᠰᠠᠭᠠᠷᠯᠠᠨ ᠬᠠᠮᠢᠶᠠᠷᠴᠤ ᠡᠵᠡᠮᠳᠡᠬᠦ ᠳᠤᠭᠤᠶᠢᠯᠠᠩ ᠤᠨ ᠵᠢᠵᠢᠭᠦᠷᠯᠡᠭᠴᠢ ᠸᠠᠩ ᠴᠧᠩ ᠶᠣᠣ ᠵᠢᠵᠢᠭᠦᠷᠯᠡᠨ ᠰᠠᠬᠢᠬᠤ ᠱᠠᠭᠠᠷᠳᠠᠯᠭ᠎ᠠ ᠶᠢ ᠥᠯᠥ ᠬᠠᠶᠢᠬᠤᠷᠤᠨ᠂ ᠲᠣᠭᠲᠠᠭᠰᠠᠨ ᠴᠠᠭ ᠲᠤ ᠪᠠᠨ ᠠᠵᠢᠯ ᠤᠨ ᠪᠠᠶᠢᠷᠢ ᠳᠤ ᠪᠠᠨ ᠬᠦᠷᠴᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠣᠯᠬᠤᠷ ᠨᠠᠮ ᠤᠨ ᠳᠣᠲᠣᠭᠠᠳᠤ ᠳᠤ ᠳᠣᠩᠭᠤᠳᠬᠤ ᠰᠢᠢᠳᠬᠡᠯ ᠣᠯᠵᠠᠢ᠃      ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠪᠣᠭᠤᠮᠲᠠ ᠶᠢᠨ ᠬᠤᠲᠠ ᠶᠢᠨ ᠠᠵᠢᠯ ᠤᠨ ᠲᠤᠰᠬᠠᠢ ᠠᠩᠭᠢ ᠶᠢᠨ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠳᠤᠭᠤᠶᠢᠯᠠᠩ ᠨᠢ ᠲᠤᠰᠬᠠᠢ ᠠᠩᠭᠢ ᠶᠢᠨ ᠠᠵᠢᠯ ᠤᠨ ᠪᠠᠶᠢᠳᠠᠯ ᠳᠤ ᠬᠢᠨᠠᠯᠲᠠ ᠲᠠᠯᠪᠢᠭᠰᠠᠨ ᠢᠶᠠᠷ ᠬᠦᠷᠦᠯᠴᠡᠬᠦ ᠦᠭᠡᠢ ᠪᠠᠶᠢᠵᠤ᠂ ᠭᠦᠨᠵᠡᠭᠡᠢ ᠪᠠᠶᠢᠴᠠᠭᠠᠯᠲᠠ ᠬᠢᠯᠭᠡᠬᠦ ᠪᠠᠷ ᠵᠠᠷᠯᠢᠭᠳᠠᠪᠠ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号