ᠮᠠᠨ ᠤ ᠤᠯᠤᠰ ᠤᠨ ᠬᠠᠥᠯᠢ ᠴᠠᠭᠠᠵᠠ ᠳᠤ ᠦᠨᠳᠦᠷ ᠬᠦᠦ ᠲᠠᠢ ᠵᠢᠭᠡᠯᠡᠯᠭᠡ ᠶᠢ ᠬᠡᠷᠬᠢᠨ ᠰᠢᠢᠳᠪᠦᠷᠢᠯᠡᠳᠡᠭ ᠪᠤᠢ︖
ᠨᠡᠶᠢᠲᠡᠯᠡᠭᠰᠡᠨ ᠴᠠᠭ᠄
2022/4/7
     ᠮᠠᠨ ᠤ ᠤᠯᠤᠰ ᠤᠨ ᠣᠳᠣᠬᠠᠨ ᠤ ᠬᠠᠥᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠪᠡᠯ᠂ ᠶᠠᠮᠠᠷ ᠵᠢᠭᠡᠯᠡᠯᠭᠡ ᠶᠢᠨ ᠠᠷᠭ᠎ᠠ ᠮᠠᠶ᠋ᠢᠭ ᠢ ᠬᠡᠷᠡᠭᠯᠡᠭᠰᠡᠨ ᠴᠦ᠂ ᠳᠠᠪᠬᠤᠷ ᠬᠦᠦ ᠮᠦᠩᠭᠦ ᠪᠣᠳᠣᠭᠰᠠᠨ ᠡᠰᠡᠭᠦᠯ᠎ᠡ ᠵᠢᠭᠡᠯᠡᠭᠦᠯᠬᠦ ᠳᠡᠭᠡᠨ ᠤᠷᠢᠳ ᠢᠶᠠᠷ ᠬᠦᠦ ᠮᠦᠩᠭᠦ ᠶᠢ ᠰᠠᠭᠤᠯᠭᠠᠨ ᠠᠪᠤᠭᠰᠠᠨ ᠪᠠᠶᠢᠪᠠᠯ᠂ ᠴᠦᠮ ᠪᠣᠳᠠᠲᠤ ᠵᠢᠭᠡᠯᠡᠭᠦᠯᠦᠭᠰᠡᠨ ᠵᠣᠭᠤᠰᠣᠨ ᠤ ᠲᠤᠭ᠎ᠠ ᠪᠠᠷ ᠬᠦᠦ ᠮᠦᠩᠭᠦ ᠪᠣᠳᠣᠬᠤ ᠪᠦᠭᠡᠳ ᠪᠠᠩᠭᠢ ᠶᠢᠨ ᠠᠳᠠᠯᠢ ᠲᠦᠷᠦᠯ ᠤᠨ ᠵᠢᠭᠡᠯᠡᠯᠭᠡ ᠶᠢᠨ ᠬᠦᠦ ᠮᠦᠩᠭᠦ ᠶᠢᠨ ᠨᠤᠷᠮ᠎ᠠ ᠶᠢᠨ 4 ᠳᠠᠬᠢᠨ ᠠᠴᠠ ᠬᠡᠲᠦᠷᠡᠭᠰᠡᠨ ᠦᠶ᠎ᠡ ᠳᠤ᠂ ᠬᠡᠲᠦᠷᠡᠭᠰᠡᠨ ᠬᠡᠰᠡᠭ ᠢ  ᠨᠢ ᠬᠠᠥᠯᠢ ᠶᠣᠰᠣᠨ ᠤ ᠬᠠᠮᠠᠭᠠᠯᠠᠯᠲᠠ ᠳᠤ ᠣᠷᠤᠭᠤᠯᠬᠤ ᠦᠭᠡᠢ᠃      ᠡᠭᠦᠨ ᠤ ᠬᠠᠮᠲᠤ᠂ ᠵᠢᠭᠡᠯᠡᠭᠦᠯᠦᠭᠴᠢ ᠶᠢᠨ ᠨᠢᠭᠡᠨᠲᠡ ᠬᠤᠷᠢᠶᠠᠨ ᠠᠪᠤᠭᠰᠠᠨ ᠦᠨᠳᠦᠷ ᠬᠦᠦ ᠲᠠᠢ ᠵᠢᠭᠡᠯᠡᠯᠭᠡ ᠶᠢᠨ ᠬᠡᠰᠡᠭ ᠤᠨ ᠬᠦᠦ ᠮᠦᠩᠭᠦ ᠪᠠᠷ ᠲᠦᠯᠦᠭᠡᠳᠦᠢ ᠡᠬᠡ ᠮᠦᠩᠭᠦ ᠶᠢ ᠲᠤᠯᠭᠠᠨ ᠲᠦᠯᠦᠵᠦ ᠪᠣᠯᠣᠨ᠎ᠠ᠂ ᠬᠡᠷᠪᠡ ᠬᠠᠥᠯᠢ ᠶᠣᠰᠣᠨ ᠤ ᠡᠬᠡ ᠮᠦᠩᠭᠦ ᠶᠢ ᠨᠢᠭᠡᠨᠲᠡ ᠲᠦᠯᠦᠵᠦ ᠪᠠᠷᠠᠭᠰᠠᠨ ᠪᠠᠶᠢᠪᠠᠯ᠂ ᠵᠣᠭᠤᠰ ᠵᠢᠭᠡᠯᠡᠭᠴᠢ ᠳᠤ ᠪᠤᠴᠠᠭᠠᠵᠤ ᠥᠭᠬᠦ ᠬᠡᠷᠡᠭᠲᠡᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号