ᠰᠢ ᠶᠢᠨ ᠫᠢᠩ ᠴᠠᠬᠢᠯᠭᠠᠨ ᠴᠢᠮᠡᠭᠡ ᠶᠠᠪᠤᠭᠤᠯᠵᠤ ᠦᠴᠢᠴᠢ ᠶᠢᠨ ᠰᠧᠷᠪᠢᠶ᠎ᠠ ᠶᠢᠨ ᠶᠡᠷᠦᠩᠬᠡᠶᠢᠯᠡᠭᠴᠢ ᠪᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2022/4/7
     ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 5 ᠤ ᠴᠠᠬᠢᠯᠭᠠᠨ ᠮᠡᠳᠡᠭᠡ 4 ᠰᠠᠷ᠎ᠠ ᠶᠢᠨ 5 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠯᠧᠺᠰᠠᠩᠳᠡᠷ · ᠦᠴᠢᠴᠢ ᠳᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠤ ᠰᠧᠷᠪᠢᠶ᠎ᠠ ᠶᠢᠨ ᠶᠡᠷᠦᠩᠬᠡᠶᠢᠯᠡᠭᠴᠢ ᠪᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠪᠡ᠃      ᠰᠢ ᠶᠢᠨ ᠫᠢᠩ᠂ ᠣᠶᠢᠷ᠎ᠠ ᠶᠢᠨ ᠵᠢᠯ ᠳᠤ᠂ ᠳᠤᠮᠳᠠᠳᠤ ᠰᠧᠷᠪᠢᠶ᠎ᠠ ᠶᠢᠨ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠥᠷᠨᠢᠨ ᠬᠥᠭᠵᠢᠬᠦ ᠪᠠᠶᠢᠳᠠᠯ ᠢᠶᠠᠨ ᠪᠠᠲᠤᠯᠠᠪᠠ᠃ ᠬᠤᠶᠠᠷ ᠤᠯᠤᠰ ᠤᠨ ᠤᠯᠤᠰ ᠲᠥᠷᠥ ᠶᠢᠨ ᠢᠲᠡᠭᠡᠯᠴᠡᠭᠡ ᠪᠠᠲᠤ ᠪᠠᠬᠢ ᠪᠠᠶᠢᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃ ᠳᠡᠯᠡᠬᠡᠢ ᠶᠢᠨ ᠵᠠᠭᠤᠨ ᠵᠢᠯ ᠤᠨ ᠬᠤᠪᠢᠷᠠᠯᠲᠠ ᠶᠢᠨ ᠡᠮᠦᠨ᠎ᠡ᠂ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠪᠠᠷ ᠬᠠᠨᠳᠤᠯᠴᠬᠤ ᠶᠢ ᠪᠠᠷᠢᠮᠲᠠᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠠᠷ ᠬᠤᠯᠪᠣᠨ ᠠᠬᠢᠭᠤᠯᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠪᠢ ᠳᠤᠮᠳᠠᠳᠤ ᠰᠧᠷᠪᠢᠶ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠶᠢᠯᠡᠭᠴᠢ ᠦᠴᠢᠴᠢ ᠲᠠᠢ ᠪᠠᠶᠢᠭᠤᠯᠤᠭᠰᠠᠨ ᠰᠠᠶᠢᠨ ᠰᠠᠶᠢᠬᠠᠨ ᠠᠵᠢᠯ ᠤᠨ ᠬᠠᠷᠢᠯᠴᠠᠭ᠎ᠠ ᠪᠣᠯᠣᠨ ᠨᠥᠬᠦᠷᠯᠡᠯ ᠢ ᠨᠠᠨᠳᠢᠩᠨᠠᠵᠤ᠂ ᠳᠤᠷᠠᠲᠠᠶ᠎ᠠ ᠶᠡᠷᠦᠩᠬᠡᠶᠢᠯᠡᠭᠴᠢ ᠦᠴᠢᠴᠢ ᠲᠠᠢ ᠬᠠᠮᠲᠤ ᠪᠠᠷ ᠴᠢᠷᠮᠠᠶᠢᠵᠤ ᠪᠠᠶᠢᠭᠠᠳ ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠤᠯᠤᠰ ᠲᠥᠷᠥ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠡᠯ᠎ᠡ ᠬᠦᠷᠢᠶᠡᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠥᠷᠭᠡᠳᠬᠡᠨ ᠭᠦᠨᠵᠡᠭᠡᠶᠢᠷᠡᠭᠦᠯᠵᠦ᠂ ᠳᠤᠮᠳᠠᠳᠤ ᠰᠧᠷᠪᠢᠶ᠎ᠠ ᠶᠢᠨ ᠬᠠᠷᠢᠯᠴᠠᠭ᠎ᠠ ᠶᠢᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠭᠡᠯ ᠣᠯᠬᠤ ᠶᠢ ᠬᠥᠲᠥᠯᠥᠨ ᠳᠠᠭᠠᠭᠤᠯᠵᠤ᠂ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号