ᠰᠢ ᠶᠢᠨ ᠫᠢᠩ ᠠᠷᠮᠧᠨᠢᠶ᠎ᠠ ᠶᠢᠨ ᠶᠡᠷᠦᠩᠬᠡᠶᠢᠯᠡᠭᠴᠢ ᠺᠠᠴᠠᠲ᠋ᠦ᠋ᠷᠢᠶᠠ ᠯᠤᠭ᠎ᠠ ᠳᠤᠮᠳᠠᠳᠤ ᠠᠷᠮᠧᠨᠢᠶ᠎ᠠ ᠶᠢᠨ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠣᠢ ᠳᠤ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2022/4/7
     ᠰᠢᠨᠬᠤᠸᠠ ᠬᠤᠷᠢᠶᠠᠨ ᠤ 4 ᠰᠠᠷ᠎ᠠ ᠶᠢᠨ 6 ᠤ ᠴᠠᠬᠢᠯᠭᠠᠨ ᠮᠡᠳᠡᠭᠡ 4 ᠰᠠᠷ᠎ᠠ ᠶᠢᠨ 6 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠮᠧᠨᠢᠶ᠎ᠠ ᠶᠢᠨ ᠶᠡᠷᠦᠩᠬᠡᠶᠢᠯᠡᠭᠴᠢ ᠺᠠᠴᠠᠲ᠋ᠦ᠋ᠷᠢᠶᠠ ᠯᠤᠭ᠎ᠠ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠣᠢ ᠶᠢ ᠪᠡᠯᠭᠡᠯᠡᠪᠡ᠃      ᠰᠢ ᠶᠢᠨ ᠫᠢᠩ᠂ ᠳᠤᠮᠳᠠᠳᠤ ᠠᠷᠮᠧᠨᠢᠶ᠎ᠠ ᠪᠣᠯ ᠤᠯᠠᠮᠵᠢᠯᠠᠯᠲᠤ ᠨᠥᠬᠦᠷᠰᠡᠭ ᠬᠠᠮᠲᠤᠷᠠᠯᠴᠠᠭᠠᠨ ᠤ ᠬᠠᠨᠢᠲᠠᠨ ᠮᠥᠨ᠃ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠲᠤᠷᠰᠢ᠂ ᠳᠤᠮᠳᠠᠳᠤ ᠠᠷᠮᠧᠨᠢᠶ᠎ᠠ ᠶᠢᠨ ᠬᠠᠷᠢᠯᠴᠠᠭ᠎ᠠ ᠡᠷᠡᠭᠦᠯ ᠲᠣᠭᠲᠠᠭᠤᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠪᠠ᠃ ᠬᠤᠶᠠᠷ ᠲᠠᠯ᠎ᠠ ᠶᠢᠨ ᠤᠯᠤᠰ ᠲᠥᠷᠥ ᠶᠢᠨ ᠢᠲᠡᠭᠡᠯᠴᠡᠭᠡ ᠭᠦᠨᠵᠡᠭᠡᠶᠢᠷᠡᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠯᠠᠪᠳᠠᠭᠤᠨ ᠪᠠᠲᠤᠲᠠᠢ ᠠᠬᠢᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠡᠳᠦᠷ ᠢᠷᠡᠬᠦᠶ᠎ᠡ ᠨᠢᠭᠲᠠᠷᠠᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠤ ᠳᠠᠷᠠᠭ᠎ᠠ᠂ ᠬᠤᠶᠠᠷ ᠤᠯᠤᠰ ᠤᠨ ᠠᠷᠠᠳ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠭᠠᠷ ᠬᠤᠯᠪᠣᠨ ᠬᠢᠵᠢᠭ ᠲᠠᠢ ᠲᠡᠮᠡᠴᠡᠵᠦ᠂ ᠬᠤᠶᠠᠷ ᠤᠯᠤᠰ ᠤᠨ ᠠᠷᠠᠳ ᠲᠦᠮᠡᠨ ᠤ ᠭᠦᠨ ᠵᠤᠵᠠᠭᠠᠨ ᠨᠥᠬᠦᠷᠯᠡᠯ ᠢ ᠢᠯᠡᠷᠡᠭᠦᠯᠪᠡ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠪᠢ ᠳᠤᠮᠳᠠᠳᠤ ᠠᠷᠮᠧᠨᠢᠶ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠶᠡᠷᠦᠩᠬᠡᠶᠢᠯᠡᠭᠴᠢ ᠺᠠᠴᠠᠲ᠋ᠦ᠋ᠷᠢᠶᠠ ᠯᠤᠭ᠎ᠠ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠣᠢ ᠪᠠᠷ ᠠᠵᠠ ᠲᠣᠬᠢᠶᠠᠯ ᠪᠣᠯᠭᠠᠵᠤ᠂ ᠳᠤᠮᠳᠠᠳᠤ ᠠᠷᠮᠧᠨᠢᠶ᠎ᠠ ᠶᠢᠨ ᠬᠠᠷᠢᠯᠴᠠᠭ᠎ᠠ ᠪᠣᠯᠣᠨ ᠬᠤᠶᠠᠷ ᠲᠠᠯ᠎ᠠ ᠶᠢᠨ ᠡᠯ᠎ᠡ ᠬᠦᠷᠢᠶᠡᠨ ᠤ ᠬᠠᠮᠲᠤᠷᠠᠯᠴᠠᠭ᠎ᠠ ᠨᠡᠩ ᠣᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠨ᠎ᠡ ᠭᠡᠵᠦ ᠴᠢᠬᠤᠯᠠᠴᠢᠯᠠᠪᠠ᠃      ᠺᠠᠴᠠᠲ᠋ᠦ᠋ᠷᠢᠶᠠ᠂ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠲᠤᠷᠰᠢ᠂ ᠠᠷᠮᠧᠨᠢᠶ᠎ᠠ ᠳᠤᠮᠳᠠᠳᠤ ᠬᠤᠶᠠᠷ ᠤᠯᠤᠰ ᠤᠨ ᠡᠯ᠎ᠡ ᠬᠦᠷᠢᠶᠡᠨ ᠤ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃ ᠠᠷᠮᠧᠨᠢᠶ᠎ᠠ ᠳᠤᠮᠳᠠᠳᠤ ᠤᠯᠤᠰ ᠤᠨ ᠣᠯᠣᠭᠰᠠᠨ ᠬᠥᠭᠵᠢᠯᠲᠡ ᠳᠠᠪᠰᠢᠯᠲᠠ ᠪᠠ ᠪᠠᠳᠠᠷᠠᠭᠤᠯᠤᠭᠰᠠᠨ ᠣᠯᠠᠨ ᠤᠯᠤᠰ ᠤᠨ ᠦᠢᠯᠡᠳᠦᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠪᠢ ᠳᠤᠷᠠᠲᠠᠶ᠎ᠠ ᠲᠡᠷᠢᠭᠦᠯᠡᠭᠴᠢ ᠰᠢ ᠶᠢᠨ ᠫᠢᠩ ᠲᠠᠢ ᠬᠠᠮᠲᠤ ᠪᠠᠷ ᠴᠢᠷᠮᠠᠶᠢᠵᠤ ᠪᠠᠶᠢᠭᠠᠳ ᠠᠷᠮᠧᠨᠢᠶ᠎ᠠ ᠳᠤᠮᠳᠠᠳᠤ ᠶᠢᠨ ᠨᠥᠬᠦᠷᠰᠡᠭ ᠬᠠᠮᠲᠤᠷᠠᠯᠴᠠᠭᠠᠨ ᠤ ᠬᠠᠷᠢᠯᠴᠠᠭ᠎ᠠ ᠶᠢᠨ ᠦᠷᠭᠦᠯᠵᠢᠯᠡᠨ ᠲᠣᠭᠲᠠᠭᠤᠨ ᠢᠶᠠᠷ ᠬᠥᠭᠵᠢᠬᠦ ᠶᠢ ᠪᠡᠶᠡᠯᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠨ᠎ᠡ ᠭᠡᠵᠦ ᠢᠯᠡᠳᠬᠡᠪᠡ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号