ᠰᠢ ᠶᠢᠨ ᠫᠢᠩ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠳᠠᠭᠠᠨ ᠪᠦᠬᠦ ᠨᠡᠶᠢᠭᠡᠮ ᠢᠶᠠᠷ ᠢᠶᠠᠨ ᠴᠦᠮ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠢᠯᠡᠳᠦᠯᠭᠡᠵᠢᠭᠦᠯᠦᠭᠴᠢ ᠠᠬᠢᠭᠤᠯᠤᠭᠴᠢ ᠪᠣᠯᠵᠤ ᠡᠬᠡ ᠤᠯᠤᠰ ᠤᠨ ᠤᠬᠳᠠᠷᠭᠤᠢ ᠶᠢ ᠨᠡᠩ ᠬᠥᠬᠡᠮᠳᠦᠭ ᠠᠭᠤᠯᠠ ᠶᠢ ᠨᠡᠩ ᠨᠤᠮᠢᠨ ᠨᠤᠭᠤᠭᠠᠨ ᠤᠰᠤ ᠶᠢ ᠨᠡᠩ ᠲᠤᠩᠭᠠᠯᠠᠭ ᠠᠮᠢ ᠠᠬᠤᠢ ᠣᠷᠴᠢᠨ ᠲᠣᠭᠤᠷᠢᠨ ᠢ ᠨᠡᠩ ᠥᠵᠡᠰᠬᠦᠯᠡᠩᠲᠤ ᠰᠠᠶᠢᠬᠠᠨ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠯᠢ ᠺᠧ ᠴᠢᠶᠠᠩ ᠯᠢ ᠵᠠᠨ ᠱᠣ᠋ ᠸᠠᠩ ᠶᠠᠩ ᠸᠠᠩ ᠬᠣ᠋ ᠨᠢᠩ ᠵᠤᠤ ᠯᠧ ᠵᠶᠢ ᠬᠠᠨ ᠵᠧᠩ ᠸᠠᠩ ᠴᠢ ᠱᠠᠨ ᠣᠷᠣᠯᠴᠠᠪᠠ
ᠨᠡᠶᠢᠲᠡᠯᠡᠭᠰᠡᠨ ᠴᠠᠭ᠄
2022/4/7
     3 ᠰᠠᠷ᠎ᠠ ᠶᠢᠨ 30 ᠤ ᠡᠳᠦᠷ᠂ ᠨᠠᠮ ᠪᠠ ᠲᠦᠷᠦ ᠶᠢᠨ ᠤᠳᠤᠷᠢᠳᠬᠤ ᠬᠦᠮᠦᠨ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠤ᠋᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠨᠠᠷ ᠪᠡᠭᠡᠵᠢᠩ ᠬᠤᠳᠠ ᠶᠢᠨ ᠳ᠋ᠠᠰᠢᠩ ᠲᠤᠭᠤᠷᠢᠭ ᠤᠨ ᠬᠤᠸᠠᠩ ᠼᠦᠨ ᠪᠠᠯᠭᠠᠰᠤᠨ ᠳᠤ ᠬᠦᠷᠴᠤ ᠨᠡᠶᠢᠰᠯᠡᠯ ᠤᠨ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠳᠤ ᠤᠷᠤᠯᠴᠠᠵᠠᠢ᠃ ᠵᠢᠷᠤᠭ ᠪᠤᠯ ᠰᠢ ᠶᠢᠨ ᠫᠢᠩ ᠤᠯᠠᠨ ᠲᠠᠢ ᠬᠠᠮᠳᠤ ᠮᠤᠳᠤ ᠲᠠᠷᠢᠵᠤ ᠪᠠᠶᠢᠭ᠎ᠠ ᠨᠢ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ      ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 30 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 30 ᠤ ᠦᠳᠡ ᠶᠢᠨ ᠡᠮᠦᠨ᠎ᠡ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠳᠠᠭᠠᠨ᠂ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠭᠠᠰᠢ᠂ ᠪᠢ 10 ᠵᠢᠯ ᠳᠠᠷᠠᠭᠠᠯᠠᠨ ᠤᠯᠠᠨ ᠲᠠᠢ ᠬᠠᠮᠲᠤ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠵᠦ ᠪᠤᠢ᠂ ᠡᠨᠡ ᠨᠢ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠨᠢᠬᠡᠨ ᠬᠤᠪᠢ ᠶᠢᠨ ᠬᠦᠴᠦᠨ ᠨᠡᠮᠡᠷᠢᠯᠡᠬᠦ ᠶᠢᠨ ᠲᠥᠯᠥᠭᠡ ᠶᠤᠮ᠂ ᠮᠥᠨ ᠴᠦ ᠪᠦᠬᠦ ᠨᠡᠶᠢᠭᠡᠮ ᠣᠨᠴᠠᠭᠠᠶᠢᠯᠠᠨ ᠵᠠᠯᠠᠭᠤᠴᠤᠳ ᠪᠠᠭᠠᠴᠤᠳ ᠤᠨ ᠰᠡᠳᠭᠢᠯ ᠳᠤ ᠠᠮᠢ ᠠᠬᠤᠢ ᠶᠢᠨ ᠪᠣᠯᠪᠠᠰᠤᠨ ᠤ ᠦᠷ᠎ᠡ ᠶᠢ ᠦᠨᠳᠦᠰᠦᠯᠡᠭᠦᠯᠬᠦ ᠶᠢ ᠠᠬᠢᠭᠤᠯᠬᠤ ᠶᠢᠨ ᠲᠦᠯᠦᠬᠡ ᠶᠤᠮ᠂ ᠤᠯᠠᠨ ᠢᠶᠠᠷ ᠢᠶᠠᠨ ᠴᠦᠮ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠢᠯᠡᠳᠦᠯᠭᠡᠵᠢᠭᠦᠯᠦᠭᠴᠢ ᠠᠬᠢᠭᠤᠯᠤᠭᠴᠢ ᠪᠣᠯᠤᠭᠠᠷᠠᠢ ᠭᠡᠵᠦ ᠤᠷᠢᠶᠠᠯᠠᠶ᠎ᠠ᠂ ᠤᠷᠳᠦ ᠬᠤᠭᠤᠴᠠᠭ᠎ᠠ ᠪᠠᠷ ᠪᠠᠷᠢᠮᠲᠠᠯᠠᠵᠤ᠂ ᠤᠳᠠᠭᠠᠨ ᠳᠠᠭᠠᠭᠠᠮᠠᠭᠠᠶ ᠵᠢᠳᠬᠦᠨ ᠴᠢᠷᠮᠠᠶᠢᠵᠤ᠂ ᠪᠢᠳᠡᠨ ᠤ ᠡᠬᠡ ᠤᠯᠤᠰ ᠤᠨ ᠤᠬᠳᠠᠷᠭᠤᠢ ᠶᠢ ᠨᠡᠩ ᠬᠥᠬᠡᠮᠳᠦᠭ᠂ ᠠᠭᠤᠯᠠ ᠶᠢ ᠨᠡᠩ ᠨᠤᠮᠢᠨ ᠨᠤᠭᠤᠭᠠᠨ᠂ ᠤᠰᠤ ᠶᠢ ᠨᠡᠩ ᠲᠤᠩᠭᠠᠯᠠᠭ᠂ ᠠᠮᠢ ᠠᠬᠤᠢ ᠣᠷᠴᠢᠨ ᠲᠣᠭᠤᠷᠢᠨ ᠢ ᠨᠡᠩ ᠥᠵᠡᠰᠬᠦᠯᠡᠩᠲᠤ ᠰᠠᠶᠢᠬᠠᠨ ᠪᠤᠯᠭᠠᠶ᠎ᠠ ᠭᠡᠵᠦ ᠴᠢᠬᠤᠯᠠᠴᠢᠯᠠᠪᠠ᠃      ᠤᠷᠢᠬᠠᠨ ᠬᠠᠪᠤᠷ ᠡᠬᠡ ᠲᠠᠯᠡᠬᠡᠢ ᠳᠤ ᠰᠠᠭᠠᠳᠠᠵᠤ᠂ ᠲᠦᠮᠡᠨ ᠪᠣᠳᠠᠰ ᠲᠥᠯᠵᠢᠨ ᠠᠮᠢᠯᠠᠨ᠎ᠠ᠃ ᠦᠳᠡ ᠶᠢᠨ ᠡᠮᠦᠨᠡᠬᠢ 10 ᠴᠠᠭ 30 ᠮᠢᠨᠦ᠋ᠲ ᠤᠨ ᠦᠶ᠎ᠡ ᠪᠠᠷ᠂ ᠨᠠᠮ ᠪᠣᠯᠤᠨ ᠲᠦᠷᠦ ᠶᠢᠨ ᠤᠳᠤᠷᠢᠳᠬᠤ ᠬᠥᠮᠦᠨ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠣ᠋᠂ ᠸᠠᠩ ᠶᠠᠩ᠂ ᠸᠠᠩ ᠬᠣ᠋ ᠨᠢᠩ᠂ ᠵᠤᠤ ᠯᠧ ᠵᠶᠢ᠂ ᠬᠠᠨ ᠵᠧᠩ᠂ ᠸᠠᠩ ᠴᠢ ᠱᠠᠨ ᠨᠠᠷ ᠬᠠᠮᠲᠤ ᠪᠠᠷ ᠮᠠᠰᠢᠨ ᠲᠡᠷᠭᠡᠨ ᠳᠤ ᠰᠠᠭᠤᠵᠤ᠂ ᠪᠡᠭᠡᠵᠢᠩ ᠬᠤᠳᠠ ᠶᠢᠨ ᠳ᠋ᠠᠰᠢᠩ ᠲᠣᠭᠤᠷᠢᠭ ᠤᠨ ᠬᠤᠸᠠᠩ ᠼᠦᠨ ᠪᠠᠯᠭᠠᠰᠤ ᠶᠢᠨ ᠮᠣᠳᠣ ᠲᠠᠷᠢᠬᠤ ᠭᠠᠵᠠᠷ ᠲᠤ ᠬᠦᠷᠴᠦ᠂ ᠨᠡᠶᠢᠰᠯᠡᠯ ᠤᠨ ᠤᠯᠠᠨ ᠲᠦᠮᠡᠨ ᠲᠠᠢ ᠬᠠᠮᠲᠤ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃      ᠮᠣᠳᠣ ᠲᠠᠷᠢᠬᠤ ᠭᠠᠵᠠᠷ ᠨᠢ ᠳ᠋ᠡᠰᠢᠩ ᠰᠢᠨ᠎ᠡ ᠬᠤᠲᠠ ᠶᠢᠨ ᠬᠤᠲᠠ ᠶᠢᠨ ᠵᠤᠭ᠎ᠠ ᠰᠡᠯᠡᠭᠦᠴᠡᠯ ᠤᠨ ᠴᠡᠴᠡᠷᠯᠢᠭ ᠲᠤ ᠪᠠᠶᠢᠷᠢᠯᠠᠵᠤ᠂ 1500 ᠰᠢᠬᠠᠮ ᠮᠦ ᠲᠠᠯᠠᠪᠠᠢ ᠲᠠᠢ᠃ ᠡᠨᠡ ᠬᠡᠰᠡᠭ ᠭᠠᠵᠠᠷ ᠤᠤᠯ ᠨᠢ ᠤᠰᠤᠨ ᠴᠥᠭᠦᠷᠥᠮ ᠤᠨ ᠭᠤᠤᠯ ᠤᠨ ᠰᠠᠶᠢᠷᠭᠠᠯ ᠭᠠᠵᠠᠷ ᠪᠠᠶᠢᠵᠠᠢ᠂ ᠣᠳᠣᠬᠠᠨ ᠳᠤ ᠬᠤᠲᠠ ᠶᠢᠨ ᠴᠡᠴᠡᠷᠯᠢᠭ ᠢᠶᠠᠷ ᠲᠥᠯᠥᠪᠵᠢᠭᠦᠯᠵᠦ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠡᠷᠭᠢᠨ ᠲᠣᠭᠤᠷᠢᠨ ᠤ ᠣᠯᠠᠨ ᠲᠦᠮᠡᠨ ᠤ ᠵᠤᠭ᠎ᠠ ᠴᠡᠩᠭᠡᠯ᠂ ᠡᠬᠡ ᠪᠠᠶᠢᠭᠠᠯᠢ ᠲᠠᠢ ᠤᠶᠢᠷᠠᠳᠬᠤ ᠠᠮᠢ ᠠᠬᠤᠢ ᠶᠢᠨ ᠣᠷᠣᠨ ᠵᠠᠢ ᠪᠣᠯᠬᠤ ᠪᠣᠯᠤᠨ᠎ᠠ᠃
     ᠶᠡᠷᠦᠩᠬᠡᠢ ᠱᠦᠵᠢ ᠬᠦᠷᠴᠦ ᠢᠷᠡᠭᠰᠡᠨ ᠢ ᠦᠵᠡᠭᠡᠳ᠂ ᠠᠳᠡ ᠮᠣᠳᠣ ᠲᠠᠷᠢᠵᠤ ᠪᠠᠶᠢᠭᠰᠠᠨ ᠺᠠᠳ᠋ᠷ ᠤᠯᠠᠨ ᠲᠦᠮᠡᠨ ᠶᠡᠷᠦᠩᠬᠡᠢ ᠱᠦᠵᠢ ᠲᠠᠢ ᠳᠣᠲᠣᠨᠣᠰᠤᠭ ᠢᠶᠠᠷ ᠮᠡᠨᠳᠦᠴᠢᠯᠡᠵᠦ ᠪᠠᠶᠢᠯ᠎ᠠ᠃ ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠵᠦ᠂ ᠬᠦᠷᠵᠡ ᠠᠳᠬᠤᠨ ᠮᠣᠳᠣ ᠲᠠᠷᠢᠬᠤ ᠭᠠᠵᠠᠷ ᠲᠤ ᠬᠦᠷᠴᠦ᠂ ᠳᠠᠷᠠᠭ᠎ᠠ ᠨᠢ ᠪᠡᠭᠡᠵᠢᠩ ᠬᠤᠳᠠ᠂ ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠵᠢᠴᠢ ᠨᠡᠶᠢᠰᠯᠡᠯ ᠤᠨ ᠺᠠᠳ᠋ᠷ ᠤᠯᠠᠨ ᠲᠦᠮᠡᠨ᠂ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠳ ᠲᠠᠢ ᠬᠠᠮᠲᠤ ᠶᠠᠭᠠᠷᠠᠯᠳᠤᠵᠤ ᠡᠬᠢᠯᠡᠪᠡ᠃      ᠬᠦᠷᠵᠡ ᠠᠳᠬᠤᠨ ᠰᠢᠷᠣᠢ ᠮᠠᠯᠲᠠᠵᠤ᠂ ᠬᠦᠷᠢᠶᠡᠯᠡᠨ ᠬᠠᠰᠢᠵᠤ᠂ ᠰᠠᠭᠤᠯᠠᠭ᠎ᠠ ᠲᠡᠭᠦᠵᠢᠯᠡᠨ ᠤᠰᠤᠯᠠᠨ᠎ᠠ ᠁ ᠰᠢ ᠶᠢᠨ ᠫᠢᠩ ᠨᠠᠷᠠᠰᠤᠨ ᠮᠣᠳᠣ᠂ ᠪᠢᠨᠳᠤᠷ ᠴᠡᠴᠡᠭ᠂ ᠴᠠᠭᠠᠨ ᠬᠠᠰ ᠤᠨ ᠴᠡᠴᠡᠭ᠂ ᠬᠠᠶᠢᠲᠠᠩ ᠮᠣᠳᠣ᠂ ᠵᠢᠵᠢᠭ ᠨᠠᠪᠴᠢᠲᠤ ᠴᠠᠭᠠᠨ ᠪᠢᠯᠦ ᠮᠤᠳᠤ ᠵᠡᠷᠭᠡ ᠤᠯᠠᠨ ᠰᠠᠭᠤᠷᠢ ᠮᠣᠳᠣᠨ ᠴᠢᠬᠢ ᠶᠢ ᠵᠠᠯᠭᠠᠭ᠎ᠠ ᠪᠠᠷ ᠲᠠᠷᠢᠪᠠ᠃ ᠰᠢ ᠶᠢᠨ ᠫᠢᠩ ᠬᠥᠳᠡᠯᠮᠦᠷᠢᠯᠡᠬᠦ ᠶᠢᠨ ᠳᠠᠭᠠᠤ ᠬᠡᠦᠬᠡᠳ ᠤᠳ ᠤᠨ ᠰᠤᠷᠤᠯᠭ᠎ᠠ ᠠᠮᠢᠳᠤᠷᠠᠯ ᠤᠨ ᠪᠠᠶᠢᠳᠠᠯ ᠢ ᠯᠠᠪᠯᠠᠨ ᠠᠰᠠᠭᠤᠵᠤ᠂ ᠲᠡᠳᠡᠨ ᠢ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠬᠦ ᠬᠡᠷᠡᠭᠲᠡᠢ᠂ ︽ᠬᠥᠳᠡᠯᠮᠦᠷᠢ︾ ᠶᠢᠨ ᠦᠢᠯᠡᠳᠦᠯ ᠢ ᠣᠮᠲᠣᠭᠠᠶᠢᠯᠠᠵᠤ ᠪᠣᠯᠬᠤ ᠦᠭᠡᠢ᠂ ᠪᠠᠭ᠎ᠠ ᠠᠴᠠ ᠪᠠᠨ ᠬᠥᠳᠡᠯᠮᠦᠷᠢ ᠶᠢᠨ ᠤᠬᠠᠮᠰᠠᠷ᠂ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ᠂ ᠠᠷᠪᠢᠯᠠᠨ ᠭᠠᠮᠨᠠᠬᠤ ᠤᠬᠠᠮᠰᠠᠷ ᠢ ᠬᠥᠮᠦᠵᠢᠭᠦᠯᠵᠦ᠂ ᠰᠠᠶᠢᠨ ᠶᠠᠪᠤᠳᠠᠯ ᠢ ᠦᠴᠦᠬᠡᠨ ᠬᠡᠮᠡᠨ ᠬᠢᠬᠦ ᠦᠭᠡᠢ ᠪᠠᠶᠢᠵᠤ ᠦᠯᠦ ᠪᠤᠯᠤᠨ᠎ᠠ᠂ ᠪᠠᠭ᠎ᠠ ᠶᠠᠪᠤᠳᠠᠯ ᠠᠴᠠ ᠭᠠᠷᠲᠠᠨ ᠬᠢᠵᠦ᠂ ᠨᠠᠮ ᠪᠣᠯᠤᠨ ᠠᠷᠠᠳ ᠲᠦᠮᠡᠨ ᠳᠤ ᠬᠡᠷᠡᠭᠴᠡᠭᠡ ᠲᠠᠢ ᠴᠢᠳᠠᠪᠤᠷᠢᠲᠠᠨ ᠪᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠠᠬᠢᠪᠠ᠃ ᠮᠣᠳᠣ ᠲᠠᠷᠢᠬᠤ ᠠᠬᠤᠢ ᠲᠠᠯᠠᠪᠠᠢ ᠳᠤ ᠲᠦᠢᠯ ᠤᠨ ᠶᠠᠭᠠᠷᠠᠯᠲᠠᠶ ᠪᠠᠶᠢᠵᠤ᠂ ᠬᠥᠳᠡᠯᠮᠦᠷᠢ ᠳᠤ ᠣᠷᠣᠯᠴᠠᠭᠰᠠᠨ ᠤᠳᠤᠷᠢᠳᠬᠤ ᠨᠥᠬᠦᠳ ᠣᠯᠠᠨ ᠲᠠᠢ ᠬᠠᠮᠲᠤ ᠴᠢᠬᠢ ᠮᠤᠲᠤ ᠵᠠᠶᠢᠯᠠᠨ ᠰᠢᠷᠣᠶ ᠨᠡᠮᠡᠵᠦ ᠰᠠᠭᠤᠯᠠᠭ᠎ᠠ ᠲᠡᠭᠦᠵᠢᠯᠡᠨ ᠤᠰᠤᠯᠠᠵᠤ᠂ ᠳᠣᠲᠣᠨᠣ ᠪᠠᠷ ᠶᠠᠷᠢᠯᠴᠠᠵᠤ᠂ ᠬᠥᠷ ᠬᠥᠭᠵᠢᠶᠡᠨ ᠢᠶᠠᠷ ᠪᠢᠯᠬᠠᠵᠤ ᠪᠠᠶᠢᠯ᠎ᠠ᠃
     ᠮᠣᠳᠣ ᠲᠠᠷᠢᠬᠤ ᠵᠠᠪᠰᠠᠷ ᠲᠤ᠂ ᠰᠢ ᠶᠢᠨ ᠫᠢᠩ ᠲᠤᠬᠠᠢ ᠶᠢᠨ ᠲᠠᠯᠠᠪᠠᠢ ᠳᠤ ᠪᠠᠶᠢᠭᠰᠠᠨ ᠺᠠᠳ᠋ᠷ ᠤᠯᠠᠨ ᠲᠦᠮᠡᠨ ᠳᠤ᠂ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠪᠣᠯ ᠢᠮᠠᠭᠲᠠ ᠪᠢᠳᠡᠨ ᠤ ᠴᠥᠬᠦᠷᠡᠰᠢ ᠦᠭᠡᠢ ᠬᠥᠭᠡᠭᠡᠴᠡᠯᠳᠦᠬᠦ ᠬᠠᠷᠠᠯᠲᠠ ᠮᠥᠨ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠨᠠᠮ ᠠᠴᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠮᠣᠳᠣ ᠲᠠᠷᠢᠵᠤ ᠣᠶᠢᠵᠢᠭᠤᠯᠤᠨ᠂ ᠡᠬᠡ ᠤᠯᠤᠰ ᠢᠶᠠᠨ ᠨᠣᠭᠤᠭᠠᠷᠠᠭᠤᠯᠵᠤ᠂ ᠲᠡᠦᠬᠡᠲᠦ ᠴᠢᠨᠠᠷᠲᠠᠢ ᠠᠮᠵᠢᠯᠲᠠ ᠣᠯᠵᠤ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠢ ᠠᠬᠤᠢ ᠶᠢᠨ ᠭᠠᠶᠢᠬᠠᠮᠰᠢᠭ ᠢ ᠡᠭᠦᠳᠴᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠨᠤᠲᠤᠭ ᠳᠡᠪᠢᠰᠭᠡᠷ ᠤᠨ ᠨᠣᠭᠤᠭᠠᠷᠠᠭᠤᠯᠤᠯᠲᠠ ᠶᠢ ᠠᠬᠢᠭᠤᠯᠵᠤ᠂ ᠬᠤᠳᠠ ᠬᠥᠳᠡᠭᠡ ᠶᠢᠨ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠨᠦᠬᠦᠴᠡᠯ ᠢ ᠰᠠᠶᠢᠵᠢᠷᠠᠭᠤᠯᠤᠭᠰᠠᠨ ᠠᠴᠠ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠲᠠᠰᠤᠷᠠᠯᠳᠠ ᠦᠭᠡᠢ ᠪᠣᠳᠠᠲᠤ ᠠᠬᠤᠢ ᠪᠣᠯᠵᠤ ᠬᠤᠪᠢᠷᠠᠪᠠ᠃ ᠡᠭᠦᠨ ᠤ ᠬᠠᠮᠲᠤ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ᠂ ᠠᠮᠢ ᠠᠬᠤᠢ ᠶᠢᠨ ᠣᠷᠴᠢᠨ ᠲᠣᠭᠤᠷᠢᠨ ᠢ ᠦᠨᠳᠦᠰᠦᠨ ᠠᠴᠠ ᠨᠢ ᠰᠠᠶᠢᠵᠢᠷᠠᠭᠤᠯᠬᠤ ᠶᠢ ᠨᠢᠭᠡ ᠯᠡ ᠳᠡᠭᠡᠷ᠎ᠡ ᠪᠡᠶᠡᠯᠡᠭᠦᠯᠴᠢᠬᠡᠬᠦ ᠪᠢᠰᠢ᠂ ᠮᠥᠨ ᠯᠡ ᠤᠷᠳᠤ ᠬᠤᠭᠤᠴᠠᠭᠠᠨ ᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠴᠢᠬᠤᠯᠠᠲᠠᠢ᠂ ᠡᠷᠬᠡᠪᠰᠢ ᠰᠢᠨᠲᠠᠷᠠᠰᠢ ᠦᠭᠡᠢ ᠴᠢᠷᠮᠠᠶᠢᠵᠤ᠂ ᠴᠦᠬᠦᠷᠡᠰᠢ ᠦᠭᠡᠢ ᠲᠡᠮᠡᠴᠡᠬᠦ ᠬᠡᠷᠡᠭᠲᠡᠢ ᠭᠡᠳᠡᠭ ᠢ ᠪᠢᠳᠡ ᠪᠠᠰᠠ ᠣᠯᠵᠤ ᠬᠠᠷᠠᠬᠤ ᠬᠡᠷᠡᠭᠲᠡᠢ ᠭᠡᠵᠦ ᠴᠢᠬᠤᠯᠠᠴᠢᠯᠠᠪᠠ᠃
     ᠰᠢ ᠶᠢᠨ ᠫᠢᠩ᠂ ᠣᠶ ᠰᠢᠭᠤᠢ ᠪᠣᠯ ᠤᠰᠤᠨ ᠴᠥᠭᠦᠷᠥᠮ᠂ ᠵᠣᠭᠤᠰᠤᠨ ᠬᠥᠮᠥᠷᠭᠡ᠂ ᠠᠮᠤ ᠪᠤᠳᠠᠭᠠᠨ ᠤ ᠬᠥᠮᠥᠷᠭᠡ ᠮᠥᠨ᠂ ᠣᠲᠣ ᠪᠠᠰᠠ ︽ᠨᠡᠭᠦᠷᠡᠰᠦᠲᠥ᠋ᠷᠥᠭᠴᠢ ᠶᠢᠨ ᠬᠥᠮᠥᠷᠭᠡ︾ ᠶᠢ ᠨᠡᠮᠡᠪᠡᠯ ᠵᠣᠬᠢᠨ᠎ᠠ᠃ ᠤᠢ ᠰᠢᠭᠤᠢ ᠪᠠ ᠨᠤᠲᠤᠭ ᠪᠡᠯᠴᠢᠭᠡᠷ ᠨᠢ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠳᠤ ᠰᠠᠭᠤᠷᠢ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠦᠢᠯᠡᠳᠦᠯ ᠦᠵᠡᠭᠦᠯᠵᠦ᠂ ᠤᠢ ᠰᠢᠭᠤᠢ ᠡᠪᠡᠰᠦ ᠪᠡᠯᠴᠢᠭᠡᠷ ᠬᠥᠭᠵᠢᠪᠡᠯ ᠠᠮᠢ ᠠᠬᠤᠢ ᠬᠥᠭᠵᠢᠨ᠎ᠡ᠃ ᠤᠳᠤ᠂ ᠮᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠨᠢ ᠠᠮᠢ ᠠᠬᠤᠢ ᠶᠢᠨ ᠣᠷᠴᠢᠨ ᠲᠣᠭᠤᠷᠢᠨ ᠤ ᠰᠠᠶᠢᠵᠢᠷᠠᠯᠲᠠ ᠶᠢ ᠲᠣᠭᠠᠨ ᠤ ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠳᠤ ᠬᠦᠷᠭᠡᠬᠦ ᠵᠠᠩᠭᠢᠯᠠᠭ᠎ᠠ ᠶᠢᠨ ᠴᠠᠭ ᠦᠶ᠎ᠡ ᠳᠤ ᠣᠷᠣᠵᠠᠢ᠃ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠪᠠᠷ ᠲᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠯᠤᠰ ᠤᠨ ᠨᠤᠲᠤᠭ ᠳᠡᠪᠢᠰᠭᠡᠷ ᠤᠨ ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠤᠢ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠪᠠ ᠶᠠᠰᠤ ᠴᠢᠨᠠᠷ ᠢ ᠳᠡᠭᠡᠭᠰᠢᠯᠡᠭᠦᠯᠦᠨ᠂ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠴᠢᠳᠠᠪᠤᠷᠢ ᠶᠢ ᠪᠠᠬᠢᠵᠢᠭᠦᠯᠦᠨ ᠴᠢᠩᠭᠠᠳᠬᠠᠵᠤ᠂ ᠪᠦᠬᠦ ᠪᠥᠮᠪᠥᠷᠴᠡᠭ ᠤᠨ ᠣᠷᠴᠢᠨ ᠠᠬᠤᠢ ᠪᠠ ᠠᠭᠤᠷ ᠠᠮᠢᠰᠬᠤᠯ ᠤᠨ ᠵᠠᠰᠠᠯᠲᠠ ᠶᠢ ᠠᠬᠢᠭᠤᠯᠬᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠨᠣᠭᠤᠭᠠᠷᠠᠭᠤᠯᠵᠤ ᠨᠣᠭᠤᠭᠠᠷᠠᠭᠤᠯᠤᠯᠲᠠ ᠶᠢ ᠬᠠᠮᠠᠭᠠᠯᠠᠬᠤ᠂ ᠪᠠᠶᠢᠭᠠᠯᠢ ᠶᠢ ᠬᠠᠯᠠᠮᠵᠢᠯᠠᠨ ᠬᠠᠶᠢᠷᠠᠯᠠᠬᠤ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠨ ᠰᠠᠶᠢᠬᠠᠨ ᠰᠤᠷᠲᠠᠯ ᠮᠥᠨ᠃ ᠰᠠᠶᠢᠬᠠᠨᠳᠠᠪᠠᠭ᠎ᠠ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯ ᠢ ᠦᠷᠭᠦᠯᠵᠢᠯᠡᠨ ᠠᠬᠢᠭᠤᠯᠵᠤ᠂ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ᠂ ᠠᠷᠪᠢᠴᠢ ᠭᠠᠮᠲᠠᠢ᠂ ᠪᠣᠳᠠᠲᠠᠢ ᠶᠢ ᠡᠷᠬᠢᠮᠯᠡᠨ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠯᠤᠰ ᠤᠨ ᠨᠤᠲᠤᠭ ᠳᠡᠪᠢᠰᠭᠡᠷ ᠢ ᠨᠣᠭᠤᠭᠠᠷᠠᠭᠤᠯᠬᠤ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠦᠵᠡᠰᠭᠦᠯᠡᠩᠲᠦ ᠰᠠᠶᠢᠬᠠᠨ ᠠᠭᠤᠯᠠ ᠤᠰᠤ ᠪᠠᠷ ᠠᠷᠠᠳ ᠲᠦᠮᠡᠨ ᠳᠤ ᠠᠵᠠ ᠵᠢᠷᠭᠠᠯ ᠡᠳ᠋ᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠲᠦᠷᠦ ᠶᠢᠨ ᠶᠠᠪᠤᠳᠠᠯ ᠤᠨ ᠭᠡᠰᠢᠭᠦᠳ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号