4 ᠰᠠᠷ᠎ᠠ ᠶᠢᠨ 7 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠨ ᠯᠦᠩ ᠪᠤᠶᠢᠷ ᠰᠤᠮᠤ ᠵᠢᠴᠢ ᠳ᠋ᠠᠴᠢᠩ ᠤᠨ ᠴᠢᠯᠠᠭᠤᠨ ᠲᠣᠰᠣᠨ ᠤ | ᠠᠭᠤᠷᠬᠠᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠥᠯᠥᠨ ᠪᠤᠶᠢᠷ ᠲᠠᠬᠢ ᠬᠤᠪᠢᠶᠠᠷᠢ ᠺᠣᠮᠫᠠᠨᠢ ᠳᠤ | ᠭᠦᠨᠵᠡᠭᠡᠶᠢᠷᠡᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ | | | | ᠳ᠋ᠠᠴᠢᠩ ᠤᠨ ᠴᠢᠯᠠᠭᠤᠨ ᠲᠤᠰᠤᠨ ᠤ ᠠᠭᠤᠷᠬᠠᠢ ᠶᠢᠨ ᠬᠢᠵᠠᠭᠠᠷᠲᠤ ᠺᠣᠮᠫᠠᠨᠢ ᠶᠢᠨ ᠬᠥᠯᠥᠨ ᠪᠤᠶᠢᠷ ᠲᠠᠬᠢ | ᠬᠤᠪᠢᠶᠠᠷᠢ ᠺᠣᠮᠫᠠᠨᠢ ᠳᠤ᠂ ᠴᠧᠨ ᠯᠦᠩ ᠡᠷᠬᠢᠨ ᠲᠣᠭᠤᠷᠢᠨ ᠤ ᠠᠮᠢ ᠠᠬᠤᠢ ᠣᠷᠴᠢᠨ ᠲᠣᠭᠤᠷᠢᠨ ᠤ ᠪᠠᠶᠢᠳᠠᠯ ᠢ | ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠠᠵᠤ ᠠᠬᠤᠶᠢᠯᠠᠯ ᠢ ᠪᠦᠲᠦᠭᠡᠨ ᠪᠠᠶᠢᠭᠤᠯᠬᠤ | ᠶᠠᠪᠤᠴᠠ ᠳᠤ᠂ ᠠᠵᠤ ᠠᠬᠤᠶᠢᠯᠠᠯ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠮᠢ ᠠᠬᠤᠢ ᠶᠢ ᠤᠷᠢᠳᠠᠪᠠᠷ | ᠪᠣᠳᠣᠯᠬᠢᠯᠠᠨ᠂ ᠪᠣᠬᠢᠷᠳᠤᠯ ᠦᠭᠡᠢ ᠬᠦᠭᠵᠢᠭᠦᠯᠬᠦ ᠪᠠᠷ ᠤᠳᠤᠷᠢᠳᠤᠮᠵᠢ ᠪᠣᠯᠭᠠᠬᠤ ᠶᠢ ᠢᠯᠡ ᠲᠣᠳᠣᠷᠬᠠᠢ ᠪᠤᠢ ᠪᠣᠯᠭᠠᠵᠤ᠂ | ᠡᠯ᠎ᠡ ᠵᠦᠢᠯ ᠤᠨ ᠠᠵᠢᠯ ᠢ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ᠃ ᠡᠭᠦᠨ ᠤ ᠬᠠᠮᠲᠤ ᠣᠷᠣᠨ ᠨᠤᠲᠤᠭ ᠪᠣᠯᠣᠨ | ᠠᠵᠤ ᠠᠬᠤᠶᠢᠯᠠᠯ ᠰᠠᠶᠢᠨ ᠰᠠᠶᠢᠬᠠᠨ ᠬᠠᠷᠢᠴᠠᠭ᠎ᠠ ᠪᠠᠨ ᠪᠠᠲᠤᠯᠠᠵᠤ᠂ ᠬᠠᠷᠢᠯᠴᠠᠨ ᠲᠦᠰᠢᠭᠯᠡᠯᠴᠡᠨ᠂ ᠬᠠᠷᠢᠯᠴᠠᠨ | ᠳᠡᠮᠵᠢᠵᠦ᠂ ᠬᠠᠮᠲᠤᠪᠠᠷ ᠳᠠᠪᠰᠢᠨ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ | ᠪᠠᠶᠢᠭᠤᠯᠤᠭᠴᠢ᠂ ᠰᠠᠬᠢᠨ ᠬᠠᠮᠠᠭᠠᠯᠠᠭᠴᠢ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃ | | | | ᠴᠧᠨ ᠯᠦᠩ ᠪᠣᠶᠢᠷ ᠰᠤᠮᠤ ᠶᠢᠨ ᠪᠠᠶᠢᠭ᠎ᠠ ᠭᠠᠵᠠᠷ ᠵᠢᠴᠢ ᠡᠷᠬᠢᠨ ᠲᠣᠭᠤᠷᠢᠨ ᠤ ᠭᠠᠵᠠᠷ ᠣᠷᠣᠨ ᠳᠤ ᠬᠦᠷᠴᠦ᠂ | ᠣᠷᠴᠢᠨ ᠲᠣᠭᠤᠷᠢᠨ ᠤ ᠠᠷᠢᠭᠤᠨ ᠴᠡᠪᠡᠷ ᠪᠣᠯᠣᠨ ᠬᠤᠯᠤᠭᠠᠨ᠎ᠠ ᠤᠰᠠᠳᠬᠠᠬᠤ ᠠᠵᠢᠯ ᠢ ᠥᠷᠨᠢᠭᠦᠯᠵᠦ ᠪᠠᠶᠢᠭ᠎ᠠ | ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠤᠮᠤ ᠶᠢᠨ ᠣᠷᠴᠢᠨ ᠲᠣᠭᠤᠷᠢᠨ ᠤ ᠬᠠᠮᠢᠶ᠎ᠠ ᠪᠦᠬᠦᠢ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠴᠧᠨ ᠯᠦᠩ᠂ ᠡᠷᠬᠡᠪᠰᠢ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠤᠰ ᠲᠦᠷᠦ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠮᠠᠯᠴᠢᠨ ᠲᠦᠮᠡᠨ ᠤ ᠣᠷᠴᠢᠨ ᠲᠣᠭᠤᠷᠢᠨ ᠢ ᠬᠠᠮᠠᠭᠠᠯᠠᠬᠤ ᠤᠬᠠᠭᠤᠯᠭ᠎ᠠ ᠶᠢᠨ ᠡᠷᠴᠢᠮ ᠢ | ᠴᠢᠩᠭᠠᠷᠠᠭᠤᠯᠵᠤ᠂ ᠬᠠᠪᠤᠷ ᠤᠨ ᠤᠯᠠᠷᠢᠯ ᠤᠨ ᠠᠷᠭᠠᠯ ᠬᠤᠷᠭᠤᠯ᠂ ᠬᠤᠭ ᠨᠣᠪᠰᠢ ᠵᠡᠷᠭᠡ ᠶᠢ ᠲᠦᠷᠭᠡᠨ ᠰᠢᠢᠳᠪᠦᠷᠢᠯᠡᠵᠦ᠂ | ᠠᠷᠭᠠᠯ ᠬᠤᠷᠭᠤᠯ ᠢ ᠰᠠᠶᠢᠲᠤᠷ ᠠᠰᠢᠭᠯᠠᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠰᠠᠶᠢᠵᠢᠷᠠᠭᠤᠯᠵᠤ᠂ ᠰᠤᠮᠤ ᠶᠢ ᠨᠡᠩ ᠴᠡᠪᠡᠷ ᠲᠡᠭᠰᠢ ᠪᠣᠯᠭᠠᠬᠤ ᠬᠡᠷᠡᠭᠲᠡᠢ᠃ ᠡᠯ᠎ᠡ ᠳᠠᠭᠠᠭᠠᠴᠢᠯᠠᠨ ᠬᠤᠯᠪᠣᠭᠠᠯᠠᠭᠰᠠᠨ | ᠨᠢᠭᠡᠴᠡ ᠠᠵᠤ ᠠᠬᠤᠶᠢᠯᠠᠯ ᠲᠠᠢ ᠪᠦᠯᠬᠦᠮᠳᠡᠨ ᠨᠢᠭᠡᠳᠴᠦ᠂ ᠬᠥᠮᠥᠨ ᠤ ᠬᠦᠴᠦᠨ᠂ ᠪᠣᠳᠠᠰ ᠤᠨ ᠬᠦᠴᠦᠨ ᠪᠠ ᠪᠡᠯᠡ | ᠮᠥᠩᠭᠦ ᠶᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠣᠷᠣᠭᠤᠯᠤᠨ᠂ ᠣᠷᠣᠰᠢᠵᠤ ᠪᠠᠶᠢᠭ᠎ᠠ ᠬᠦᠴᠢᠷᠳᠡᠯ ᠪᠠ | ᠠᠰᠠᠭᠤᠳᠠᠯ ᠢ ᠦᠨᠡᠨ ᠬᠦ ᠬᠠᠪᠰᠤᠷᠤᠨ ᠰᠢᠢᠳᠪᠦᠷᠢᠯᠡᠵᠦ᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ᠂ | ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠣᠯᠠᠨ ᠬᠡᠯᠪᠡᠷᠢ ᠶᠢᠨ ᠠᠵᠢᠯᠯᠠᠭ᠎ᠠ ᠪᠠᠷ ᠳᠠᠮᠵᠢᠨ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠭᠦᠨᠵᠡᠭᠡᠢ ᠠᠬᠢᠭᠤᠯᠵᠤ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ | | |