ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠵᠢᠴᠢ ᠬᠤᠣᠷ ᠨᠥᠯᠥᠭᠡ ᠶᠢ ᠠᠷᠢᠯᠭᠠᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/8
     4 ᠰᠠᠷ᠎ᠠ ᠶᠢᠨ 7 ᠤ ᠡᠳᠦᠷ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠵᠢᠴᠢ ᠬᠤᠣᠷ ᠨᠥᠯᠥᠭᠡ ᠶᠢ ᠠᠷᠢᠯᠭᠠᠬᠤ ᠠᠵᠢᠯ ᠤᠨ ᠬᠤᠷᠠᠯ ᠬᠤᠷᠠᠯᠳᠤᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠦᠷᠭᠡᠨ ᠬᠤᠷᠠᠯ ᠳᠤ ᠣᠷᠣᠯᠴᠠᠵᠠᠢ᠃      ᠬᠤᠷᠠᠯ ᠠᠴᠠ ᠬᠤᠰᠢᠭᠤᠨ ᠤ 2021 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠳ᠋ᠦᠩᠨᠡᠨ ᠡᠷᠭᠢᠴᠡᠭᠦᠯᠵᠦ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠪᠤᠢ ᠪᠣᠯᠤᠭᠰᠠᠨ ᠠᠰᠠᠭᠤᠳᠠᠯ ᠤᠨ ᠦᠨᠳᠦᠰᠦ ᠰᠤᠷᠪᠤᠯᠵᠢ ᠶᠢ ᠪᠤᠰᠤᠳᠴᠢ ᠪᠠᠷ ᠵᠠᠳᠠᠯᠤᠨ ᠰᠢᠨᠵᠢᠯᠡᠪᠡ᠃
     ᠥᠷᠭᠡᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠲᠧᠯᠸᠢᠰ ᠤᠲᠠᠰᠤᠲᠤ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠤᠯᠤᠰ ᠲᠦᠷᠦ ᠶᠢᠨ ᠰᠡᠷᠭᠡᠭ ᠴᠢᠨᠠᠷ ᠪᠠ ᠤᠯᠤᠰ ᠲᠦᠷᠦ ᠶᠢᠨ ᠤᠬᠠᠮᠰᠠᠷ ᠢᠶᠠᠨ ᠢᠮᠠᠭᠲᠠ ᠪᠠᠲᠤᠯᠠᠬᠤ ᠬᠡᠷᠡᠭᠲᠡᠢ︔ ᠤᠯᠤᠰ ᠲᠦᠷᠦ ᠪᠠᠷ ᠴᠠᠭᠳᠠᠭ᠎ᠠ ᠪᠠᠶᠢᠭᠤᠯᠬᠤ ᠶᠢ ᠪᠠᠷᠢᠮᠲᠠᠯᠠᠵᠤ᠂ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠤᠯᠤᠰ ᠲᠦᠷᠦ ᠶᠢᠨ ᠴᠢᠭᠯᠡᠯ ᠪᠣᠯᠣᠨ ᠤᠯᠤᠰ ᠲᠦᠷᠦ ᠶᠢᠨ ᠶᠣᠰᠣ ᠳᠦᠷᠢᠮ ᠢ ᠪᠦᠬᠦ ᠲᠠᠯ᠎ᠠ ᠪᠠᠷ ᠪᠠᠲᠤ ᠪᠠᠶᠢᠭᠤᠯᠬᠤ ᠬᠡᠷᠡᠭᠲᠡᠢ︔ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠤᠣᠷ ᠨᠥᠯᠥᠭᠡ ᠶᠢ ᠠᠷᠢᠯᠭᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠬᠡᠷᠡᠭᠲᠡᠢ︔ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠶᠢ ᠪᠠᠷᠢᠮᠲᠠᠯᠠᠨ᠂ ᠢᠯᠵᠢᠷᠡᠯ ᠢ ᠡᠰᠡᠷᠭᠦᠴᠡᠬᠦ ᠲᠡᠮᠡᠴᠡᠯ ᠢ ᠴᠠᠭ ᠢᠮᠠᠭᠲᠠ ᠰᠤᠯᠠᠷᠠᠭᠤᠯᠤᠯ ᠦᠭᠡᠢ ᠠᠬᠢᠭᠤᠯᠬᠤ ᠬᠡᠷᠡᠭᠲᠡᠢ︔ ᠡᠩᠨᠡᠭᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠰᠠᠬᠢᠯᠭ᠎ᠠ ᠪᠠᠲᠤ ᠶᠢ ᠤᠯᠠᠮ ᠴᠢᠩᠳᠠᠯᠠᠵᠤ᠂ ᠣᠪᠣᠷ ᠰᠤᠷᠲᠠᠯ ᠢᠶᠠᠨ ᠬᠤᠪᠢᠷᠠᠭᠤᠯᠤᠨ᠂ ᠪᠦᠬᠦ ᠵᠢᠯ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠨᠠᠮ ᠪᠠ ᠠᠷᠠᠳ ᠲᠦᠮᠡᠨ ᠠᠴᠠ ᠳᠠᠭᠠᠭᠠᠯᠭᠠᠭᠰᠠᠨ ᠢᠷᠠᠭᠤ ᠠᠯᠳᠠᠷᠲᠤ ᠡᠭᠦᠷᠭᠡ ᠶᠢ ᠪᠦᠬᠦ ᠲᠠᠯ᠎ᠠ ᠪᠠᠷ ᠰᠠᠶᠢᠲᠤᠷ ᠭᠦᠢᠴᠡᠳᠬᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠡᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号