5 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ | ᠬᠤᠯᠪᠣᠭᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 4 ᠰᠠᠷ᠎ᠠ ᠶᠢᠨ 29 ᠤ ᠡᠳᠦᠷ ᠤᠨ ᠲᠥᠪ ᠤᠨ ᠤᠯᠤᠰ | ᠲᠦᠷᠦ ᠶᠢᠨ ᠲᠣᠪᠴᠢᠶᠠᠨ ᠤ ᠬᠤᠷᠠᠯ ᠪᠣᠯᠤᠨ 5 ᠰᠠᠷ᠎ᠠ ᠶᠢᠨ 5 ᠤ ᠡᠳᠦᠷ ᠤᠨ ᠲᠥᠪ ᠤᠨ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠬᠢᠵᠢᠭ ᠤᠨ ᠪᠠᠶᠢᠳᠠᠯ ᠢ ᠰᠡᠷᠭᠡᠶᠢᠯᠡᠵᠤ ᠴᠢᠳᠠᠬᠤ᠂ ᠠᠵᠤ ᠠᠬᠤᠢ ᠶᠢ | ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ ᠲᠤᠬᠠᠢ ᠨᠠᠮ ᠤᠨ ᠲᠥᠪ ᠬᠤᠷᠢᠶᠠᠨ ᠤ | ᠴᠢᠬᠤᠯᠠ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ | ᠭᠤᠣᠯᠳᠠᠯᠭ᠎ᠠ ᠲᠠᠢ ᠠᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠬᠦ | ᠬᠡᠷᠡᠭᠲᠡᠢ᠃ ᠪᠣᠭᠤᠮᠲᠠ ᠶᠢᠨ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ | ᠴᠦ ᠰᠤᠯᠠᠷᠠᠭᠤᠯᠤᠯ ᠥᠬᠡᠶ ᠰᠠᠶᠢᠲᠤᠷ ᠠᠳᠬᠤᠵᠤ᠂ ᠪᠢᠲᠡᠭᠦᠮᠵᠢᠯᠡᠨ ᠬᠠᠮᠢᠶᠠᠷᠬᠤ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ︽ | ᠳᠥᠷᠪᠡᠨ ᠡᠷᠲᠡ︾ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ | ᠬᠡᠪᠴᠢᠶᠡᠵᠢᠯ ᠤᠨ ᠴᠢᠨᠠᠷᠲᠠᠢ ᠪᠠᠷ ᠳᠠᠬᠢᠨ ᠡᠭᠦᠰᠭᠦ ᠥᠬᠡᠶ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠶ᠃ | ᠣᠳᠣᠬᠠᠨ ᠤ ᠠᠵᠤ ᠠᠬᠤᠢ ᠶᠢᠨ ᠪᠠᠶᠢᠳᠠᠯ ᠤᠨ ᠬᠤᠪᠢᠷᠠᠯᠲᠠ ᠳᠤ ᠴᠢᠭᠯᠡᠭᠦᠯᠦᠨ᠂ ᠲᠥᠪ ᠤᠨ ᠬᠤᠯᠪᠣᠭᠳᠠᠯ ᠪᠦᠬᠦᠢ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠬᠦᠴᠢᠷᠳᠡᠯ ᠠᠴᠠ ᠮᠤᠯᠳᠤᠷᠠᠭᠤᠯᠬᠤ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠭᠦᠯᠵᠦ᠂ ︽ᠨᠢᠭᠡ ᠠᠵᠤ | ᠠᠬᠤᠶᠢᠯᠠᠯ ᠳᠤ ᠨᠢᠭᠡ ᠲᠦᠷᠦ ᠶᠢᠨ ᠪᠤᠳᠤᠯᠭ᠎ᠠ ᠬᠡᠷᠡᠭᠵᠢᠭᠦᠯᠬᠦ︾ ᠠᠷᠭ᠎ᠠ ᠪᠠᠷ ᠠᠵᠤ ᠠᠬᠤᠶᠢᠯᠠᠯ ᠢ ᠬᠠᠪᠰᠤᠷᠤᠨ | ᠬᠦᠴᠢᠷᠳᠡᠯ ᠢ ᠨᠢ ᠰᠢᠢᠳᠪᠦᠷᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ᠃ ᠠᠵᠢᠯ ᠣᠯᠭᠤᠯᠲᠠ ᠶᠢ | ᠢᠳᠡᠪᠬᠢᠲᠡᠢ ᠪᠠᠷ ᠲᠣᠭᠲᠠᠪᠤᠷᠢᠵᠢᠭᠤᠯᠤᠨ ᠥᠷᠭᠡᠳᠭᠡᠵᠦ᠂ ᠦᠨᠳᠦᠰᠦᠨ ᠠᠷᠠᠳ ᠤᠨ ᠠᠮᠢᠳᠤᠷᠠᠯ ᠤᠨ ᠲᠠᠸᠠᠷ ᠤᠨ | ᠬᠠᠩᠭᠠᠯᠭ᠎ᠠ ᠶᠢ ᠪᠠᠲᠤᠯᠠᠬᠤ ᠪᠠ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢᠭᠡᠪᠦᠷᠢ ᠶᠢ ᠯᠠᠪᠳᠠᠭᠤᠨ | ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠬᠤᠨᠠᠨ ᠤ ᠴᠠᠩᠱᠠ ᠶᠢᠨ ᠰᠠᠭᠤᠭᠠᠯᠢ ᠠᠷᠠᠳ ᠤᠨ | ᠥᠪᠡᠰᠦᠪᠡᠨ ᠪᠠᠷᠢᠬᠰᠠᠨ ᠬᠡᠷ ᠪᠠᠶᠢᠰᠢᠩ ᠨᠤᠷᠠᠭᠰᠠᠨ ᠠᠳᠡᠯ ᠤᠨ ᠲᠤᠬᠠᠶ ᠴᠢᠬᠤᠯᠠ ᠵᠢᠭᠠᠪᠤᠷᠢ ᠪᠣᠯᠤᠨ ᠶᠡᠷᠦᠩᠬᠡᠶ | ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠨᠠᠮ ᠤᠨ ᠲᠥᠪ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠭᠦᠨᠵᠡᠭᠡᠢ ᠰᠤᠷᠭᠠᠮᠵᠢ ᠠᠪᠴᠤ᠂ ᠦᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ | ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ ᠲᠦᠷᠭᠡᠪᠴᠢᠯᠡᠨ ᠪᠦᠬᠦ ᠲᠠᠯ᠎ᠠ ᠪᠠᠷ ᠥᠷᠨᠢᠭᠦᠯᠵᠦ᠂ ᠵᠢᠭᠰᠠᠭᠠᠨ | ᠪᠠᠶᠢᠴᠠᠭᠠᠬᠤ ᠳᠠᠭᠠᠨ ᠪᠣᠳᠠᠲᠠᠢ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠳᠠᠭᠠᠨ ᠪᠣᠳᠠᠲᠠᠢ ᠪᠠᠶᠢᠵᠤ᠂ ᠡᠯ᠎ᠡ | ᠲᠦᠷᠦᠯ ᠤᠨ ᠠᠮᠤᠷ ᠲᠦᠪᠰᠢᠨ ᠤ ᠭᠡᠮ ᠰᠣᠭᠤᠭ ᠢ ᠡᠷᠡᠰ ᠠᠷᠢᠯᠭᠠᠬᠤ ᠬᠡᠷᠡᠭᠲᠡᠢ᠃ ᠠᠷᠠᠳ ᠣᠯᠠᠨ ᠤ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠬᠠᠷᠢᠭᠤᠴᠠᠯᠭ᠎ᠠ | ᠡᠭᠦᠷᠭᠡᠯᠡᠵᠦ᠂ ᠠᠵᠢᠯ ᠢᠶᠠᠨ ᠪᠣᠳᠠᠲᠠᠶ ᠠᠳᠬᠤᠨ᠂ ᠨᠢᠭᠡ ᠠᠴᠠ ᠨᠥᠭᠦᠭᠡ ᠶᠢ ᠵᠦᠢᠴᠢᠯᠡᠨ ᠭᠤᠤᠯᠳᠠᠯᠭ᠎ᠠ ᠲᠠᠢ | ᠬᠦᠷᠢᠶᠡᠨ ᠤ ᠠᠶᠤᠯᠭᠦᠢ ᠦᠶ᠋ᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠦᠨᠳᠦ ᠣᠨᠴᠠ | ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠶ ᠬᠡᠵᠤ ᠴᠢᠬᠤᠯᠠᠴᠢᠯᠠᠪᠠ᠃ | ᠬᠤᠷᠠᠯ ᠠᠴᠠ ᠲᠥᠪ ᠤᠨ ᠬᠤᠯᠪᠤᠭᠳᠠᠯ ᠪᠥᠬᠦᠶ ᠬᠤᠷᠠᠯ ᠪᠣᠯᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠭᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ | ᠵᠣᠯᠭᠠᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠰᠠᠶᠢᠲᠤᠷ ᠠᠳᠬᠤᠵᠤ᠂ ᠡᠯ᠎ᠡ ᠵᠦᠶ᠋ᠯ ᠤᠨ ᠭᠤᠤᠯᠳᠠᠯᠭ᠎ᠠ ᠲᠠᠢ | ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠭᠡᠵᠦ᠂ ᠴᠢᠭᠯᠡᠬᠦᠯᠦᠯᠳᠤ ᠴᠢᠨᠠᠷ ᠢᠶᠠᠷ | ᠴᠢᠩᠭ᠎ᠠ ᠠᠷᠭ᠎ᠠ ᠪᠠᠷ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠣᠷᠣᠯᠭ᠎ᠠ ᠶᠢ ᠲᠠᠰᠤᠷᠠᠯᠳᠠ ᠦᠭᠡᠢ | ᠨᠡᠮᠡᠭᠳᠡᠭᠦᠯᠬᠦ ᠶᠢ ᠠᠬᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ | ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠦᠨ ᠰᠠᠶᠢᠲᠤᠷ ᠨᠠᠶᠢᠳᠠᠪᠤᠷᠢᠵᠢᠭᠤᠯᠵᠤ᠂ ᠬᠡᠪᠴᠢᠶᠡᠵᠢᠯ ᠤᠨ | ᠴᠢᠨᠠᠷᠲᠠᠢ ᠲᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠠᠵᠢᠯ ᠤᠨ | ᠭᠤᠣᠯᠳᠠᠯᠭ᠎ᠠ ᠪᠠᠨ ᠰᠢᠯᠵᠢᠭᠦᠯᠬᠦ ᠶᠢ ᠲᠦᠷᠭᠡᠳᠭᠡᠨ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ | ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠵᠦ᠂ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ | ᠲᠤᠰᠠ ᠶᠢᠨ ᠬᠤᠯᠪᠣᠭᠠᠨ ᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠪᠦᠳᠦᠭᠡᠨ | ᠪᠠᠶᠢᠭᠤᠯᠤᠯᠲᠠ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ | ᠪᠦᠷᠢᠨᠰᠢᠬᠦᠯᠤᠨ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠦᠷᠭᠡᠳᠭᠡᠨ | ᠠᠬᠢᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | |