ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ 5 | ᠳ᠋ᠤᠭᠠᠷ ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨᠠᠬᠢ 3 ᠴᠠᠭ ᠲᠤ ᠰᠣᠨᠢᠨ ᠮᠡᠳᠡᠭᠡ ᠨᠡᠶᠢᠲᠡᠯᠡᠬᠦ ᠬᠤᠷᠠᠯ | ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠴᠠᠭ ᠮᠦᠴᠡ ᠶᠢ ᠠᠯᠳᠠᠯ ᠦᠭᠡᠢ᠂ | ᠰᠢᠨᠵᠢᠯᠡᠬᠦ ᠤᠬᠠᠭᠠᠨᠴᠢ ᠨᠠᠷᠢᠯᠢᠭ ᠣᠨᠤᠴᠠᠲᠠᠢ ᠪᠠᠷ᠂ ᠪᠤᠲᠠᠲᠠᠢ ᠪᠦᠭᠡᠳ ᠨᠠᠷᠢᠯᠢᠭ ᠠᠳᠬᠤᠵᠤ ᠪᠠᠶᠢᠭ᠎ᠠ ᠬᠤᠯᠪᠤᠭᠳᠠᠯ | ᠪᠦᠬᠦᠢ ᠪᠠᠶᠢᠳᠠᠯ ᠢ ᠲᠠᠨᠢᠯᠴᠠᠭᠤᠯᠵᠠᠢ᠃ ᠬᠠᠮᠲᠤ ᠪᠠᠷ ᠠᠩᠬᠠᠷᠤᠯ ᠳᠠᠭᠠᠨ ᠠᠪᠴᠠᠭᠠᠶ᠎ᠠ︕ | 21 ᠮᠤᠵᠢ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠪᠦᠬᠦ | ᠣᠷᠤᠨ ᠪᠦᠰᠡ ᠪᠠᠷ ᠢᠶᠠᠨ ᠳᠣᠣᠷ᠎ᠠ ᠲᠦᠭᠰᠢᠭᠦᠷᠢᠲᠡᠢ ᠭᠠᠵᠠᠷ ᠣᠷᠣᠨ ᠪᠣᠯᠬᠤ ᠪᠣᠯᠪᠠᠴᠤ ᠬᠢᠵᠢᠭ ᠤᠨ ᠪᠠᠶᠢᠳᠠᠯ ᠮᠥᠨ | ᠬᠦ ᠳᠠᠬᠢᠨ ᠦᠷᠪᠢᠰᠬᠦ ᠲᠦᠭᠰᠢᠭᠦᠷᠢ ᠣᠷᠣᠰᠢᠵᠤ ᠪᠠᠶᠢᠨ᠎ᠠ | 4 ᠳ᠋ᠦ᠋ᠭᠡᠷ ᠰᠠᠷ᠎ᠠ ᠶᠢᠨ ᠳᠤᠮᠳᠠᠴᠢ ᠠᠴᠠ ᠨᠠᠭᠠᠰᠢ᠂ ᠮᠠᠨ ᠤ ᠤᠯᠤᠰ ᠤᠨ ᠬᠢᠵᠢᠭ ᠤᠨ ᠪᠠᠶᠢᠳᠠᠯ | ᠶᠡᠷᠦᠩᠬᠡᠢ ᠳᠤ ᠪᠠᠨ ᠦᠷᠭᠦᠯᠵᠢᠯᠡᠨ ᠬᠡᠯᠪᠡᠯᠵᠡᠨ ᠪᠠᠭᠤᠷᠠᠬᠤ ᠬᠠᠨᠳᠤᠰᠢ ᠲᠠᠢ ᠪᠠᠶᠢᠵᠤ᠂ ︽5.1︾ ᠤ ᠠᠮᠠᠷᠠᠯᠲᠠ ᠶᠢᠨ | ᠬᠤᠭᠤᠴᠠᠭᠠᠨ ᠳᠤ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠲᠣᠭᠲᠠᠭᠤᠨ ᠪᠣᠯᠵᠤ᠂ 4 ᠳ᠋ᠦ᠋ᠭᠡᠷ | ᠰᠠᠷ᠎ᠠ ᠶᠢᠨ 30 ᠤ ᠡᠳᠦᠷ ᠠᠴᠠ 5 ᠳ᠋ᠤᠭᠠᠷ ᠰᠠᠷ᠎ᠠ ᠶᠢᠨ 5 ᠤ ᠡᠳᠦᠷ ᠪᠣᠯᠲᠠᠯ᠎ᠠ᠂ ᠪᠥᠬᠦ ᠤᠯᠤᠰ ᠤᠨ ᠡᠳᠦᠷ | ᠳᠤᠮᠳᠠᠴᠢ ᠶᠢᠨ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠳᠠᠭᠴᠢ ᠪᠠᠷᠤᠭ 5800 ᠭᠠᠷᠤᠢ ᠵᠢᠱᠢᠶ᠎ᠡ ᠳᠤ ᠬᠦᠷᠴᠦ᠂ | ᠣᠷᠭᠢᠯ ᠤᠨ ᠬᠤᠭᠤᠴᠠᠭᠠᠨ ᠤ ᠬᠢ ᠠᠴᠠ 80% ᠪᠠᠷ ᠪᠠᠭᠤᠷᠠᠪᠠ᠃ ᠱᠠᠩᠬᠠᠢ ᠬᠤᠲᠠ ᠶᠢᠨ ᠬᠢᠵᠢᠭ ᠤᠨ ᠪᠠᠶᠢᠳᠠᠯ ᠨᠢ | ᠣᠶᠢᠷ᠎ᠠ ᠶᠢᠨ ᠬᠤᠭᠤᠴᠠᠭᠠᠨ ᠳᠤ ᠡᠳᠦᠷ ᠪᠦᠷᠢ ᠶᠢᠨ ᠰᠢᠨ᠎ᠡ ᠪᠠᠷ ᠨᠡᠮᠡᠭᠳᠡᠬᠦ ᠬᠠᠯᠳᠠᠪᠤᠷᠢᠯᠠᠭᠳᠠᠭᠴᠢ ᠶᠢᠨ ᠲᠤᠭ᠎ᠠ | ᠦᠷᠭᠦᠯᠵᠢᠯᠡᠨ ᠪᠠᠭᠠᠰᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠦᠷᠭᠦᠯᠵᠢᠯᠡᠨ ᠲᠣᠭᠲᠠᠭᠤᠨ | ᠪᠣᠯᠬᠤ ᠬᠠᠨᠳᠤᠰᠢ ᠲᠠᠢ︔ ᠭᠢᠷᠢᠨ ᠮᠤᠵᠢ ᠶᠢᠨ ᠬᠢᠵᠢᠭ ᠤᠨ ᠪᠠᠶᠢᠳᠠᠯ ᠮᠥᠨ ᠬᠦ ᠰᠡᠭᠦᠯ ᠬᠤᠷᠢᠶᠠᠬᠤ ᠱᠠᠲᠤᠨ ᠳᠤ ᠪᠠᠨ | ᠪᠠᠶᠢᠵᠤ᠂ ᠲᠤᠰᠠᠭᠠᠷᠯᠠᠬᠤ ᠴᠡᠭ ᠪᠠ ᠪᠢᠲᠡᠭᠦᠮᠵᠢᠯᠡᠨ ᠡᠵᠡᠮᠳᠡᠬᠦ ᠣᠷᠣᠨ ᠠᠴᠠ ᠭᠠᠳᠠᠨᠠᠬᠢ ᠲᠦᠭᠰᠢᠭᠦᠷᠢ ᠶᠢ | ᠦᠨᠳᠦᠰᠦᠨ ᠳᠤ ᠪᠠᠨ ᠡᠵᠡᠮᠳᠡᠪᠡ︔ ᠪᠡᠭᠡᠵᠢᠩ ᠬᠤᠲᠠ ᠶᠢᠨ ᠬᠢᠵᠢᠭ ᠤᠨ ᠪᠠᠶᠢᠳᠠᠯ ᠨᠢ ᠣᠷᠣᠨ ᠬᠡᠪᠴᠢᠶᠡᠨ ᠤ ᠪᠥᠭᠡᠮ | ᠬᠦᠴᠢᠯ ᠤᠨ ᠰᠢᠭᠰᠢᠨ ᠪᠠᠶᠢᠴᠠᠭᠠᠯᠲᠠ ᠬᠢᠬᠦ ᠪᠠ ᠨᠢᠭᠲᠠ ᠣᠶᠢᠷᠠᠳᠤᠭᠰᠠᠳ ᠢ ᠵᠢᠭᠰᠠᠭᠠᠨ ᠪᠠᠶᠢᠴᠠᠭᠠᠵᠤ ᠬᠠᠮᠢᠶᠠᠷᠤᠨ | ᠡᠵᠡᠮᠳᠡᠬᠦ ᠪᠠᠷ ᠳᠡᠮᠵᠢᠨ᠂ ᠬᠢᠵᠢᠭ ᠲᠠᠷᠬᠠᠬᠤ ᠲᠦᠭᠰᠢᠭᠦᠷᠢ ᠨᠢᠭᠡᠨᠲᠡ ᠨᠡᠯᠢᠶᠡᠳ ᠪᠠᠭᠤᠷᠠᠭᠰᠠᠨ ᠪᠠᠶᠢᠨ᠎ᠠ︔ ᠵᠢᠶᠠᠩᠰᠢ | ᠮᠤᠵᠢ ᠶᠢᠨ ᠨᠠᠨᠴᠠᠩ ᠬᠤᠲᠠ ᠶᠢᠨ ᠬᠢᠵᠢᠭ ᠤᠨ ᠪᠠᠶᠢᠳᠠᠯ ᠢ ᠨᠢᠭᠡᠨᠲᠡ ᠪᠦᠲᠦᠮᠵᠢᠲᠡᠶ ᠡᠵᠡᠮᠳᠡᠭᠰᠡᠨ ᠪᠣᠯᠪᠠᠴᠤ ᠱᠠᠩ | ᠷᠣᠣ ᠬᠤᠲᠠ ᠶᠢᠨ ᠬᠢᠵᠢᠭ ᠤᠨ ᠪᠠᠶᠢᠳᠠᠯ ᠨᠢ ᠰᠢᠭᠰᠢᠨ ᠪᠠᠶᠢᠴᠠᠭᠠᠬᠤ ᠪᠠ ᠬᠠᠮᠢᠶᠠᠷᠤᠨ ᠡᠵᠡᠮᠳᠡᠬᠦ ᠡᠷᠴᠢᠮ ᠢᠶᠠᠨ | ᠴᠢᠩᠭᠠᠷᠠᠭᠤᠯᠬᠤ ᠴᠢᠬᠤᠯᠠᠲᠠᠢ ᠪᠠᠶᠢᠨ᠎ᠠ︔ ᠯᠢᠶᠣᠤᠨᠢᠩ᠂ ᠵᠧᠵᠢᠶᠠᠩ᠂ ᠾᠧᠨᠠᠨ ᠵᠡᠷᠭᠡ ᠭᠠᠵᠠᠷ ᠲᠤ ᠣᠶᠢᠷ᠎ᠠ ᠶᠢᠨ | ᠬᠤᠭᠤᠴᠠᠭᠠᠨ ᠳᠤ ᠬᠠᠯᠳᠠᠪᠤᠷᠢᠯᠠᠯ ᠤᠨ ᠢᠷᠡᠯᠲᠡ ᠨᠢ ᠲᠣᠳᠣᠷᠬᠠᠢ ᠦᠭᠡᠢ ᠬᠢᠵᠢᠭ ᠤᠨ ᠪᠠᠶᠢᠳᠠᠯ ᠰᠢᠨ᠎ᠡ ᠪᠠᠷ ᠡᠭᠦᠰᠴᠦ᠂ | ᠨᠢᠭᠤᠭᠳᠠᠮᠠᠯ ᠴᠢᠨᠠᠷᠲᠠᠢ ᠪᠠᠷ ᠲᠠᠷᠬᠠᠨ ᠳᠡᠯᠭᠡᠷᠡᠬᠦ ᠲᠦᠭᠰᠢᠭᠦᠷᠢ ᠣᠷᠤᠰᠢᠵᠤ᠂ ᠤᠭ ᠦᠨᠳᠦᠰᠦ ᠶᠢ ᠨᠢ ᠡᠷᠢᠵᠦ | ᠪᠠᠶᠢᠴᠠᠭᠠᠬᠤ ᠪᠠ ᠬᠠᠮᠢᠶᠠᠷᠤᠨ ᠡᠵᠡᠮᠳᠡᠵᠦ ᠰᠡᠷᠭᠡᠶᠢᠯᠡᠬᠦ ᠬᠦᠴᠢᠷᠳᠡᠯ ᠨᠡᠮᠡᠭᠳᠡᠵᠡᠢ᠃ | ᠣᠲᠣ ᠪᠣᠯᠲᠠᠯ᠎ᠠ᠂ 21 ᠮᠤᠵᠢ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ | ᠪᠢᠩᠲ᠋ᠤᠸᠠᠨ ᠤ ᠪᠥᠬᠦ ᠣᠷᠣᠨ ᠪᠦᠰᠡ ᠪᠠᠷ ᠢᠶᠠᠨ ᠳᠣᠣᠷ᠎ᠠ ᠲᠦᠭᠰᠢᠭᠦᠷᠢᠲᠡᠢ ᠭᠠᠵᠠᠷ ᠣᠷᠣᠨ ᠪᠣᠯᠬᠤ ᠪᠣᠯᠪᠠᠴᠤ | ᠬᠢᠵᠢᠭ ᠤᠨ ᠪᠠᠶᠢᠳᠠᠯ ᠮᠥᠨ ᠬᠦ ᠳᠠᠬᠢᠨ ᠦᠷᠪᠢᠰᠬᠦ ᠲᠦᠭᠰᠢᠭᠦᠷᠢ ᠣᠷᠣᠰᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠪᠥᠭᠡᠳ ᠪᠤᠳᠤᠯᠢᠶᠠᠨᠲᠠᠢ ᠪᠠᠶᠢᠨ᠎ᠠ᠃ | 5 ᠳ᠋ᠤᠭᠠᠷ ᠰᠠᠷ᠎ᠠ ᠶᠢᠨ 5 ᠤ ᠡᠳᠦᠷ᠂ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ | ᠢᠯᠡᠷᠬᠡᠶᠢᠯᠡᠭᠰᠡᠨ ᠢᠶᠠᠷ᠂ 2020 ᠣᠨ ᠪᠠ 2021 ᠣᠨ ᠳᠤ᠂ ᠪᠥᠬᠦ ᠳᠡᠯᠡᠬᠡᠢ ᠶᠢᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠶᠡᠭᠡ ᠳᠡᠯᠭᠡᠷᠡᠯᠲᠡ ᠲᠠᠢ ᠰᠢᠭᠤᠳ ᠪᠤᠶᠤ ᠳᠠᠮ ᠤᠨ ᠬᠤᠯᠪᠤᠭ᠎ᠠ ᠪᠠᠷ ᠦᠬᠦᠭᠰᠡᠨ ᠬᠥᠮᠥᠨ ᠤ ᠲᠤᠭ᠎ᠠ | ᠪᠠᠷᠤᠭ 1490 ᠲᠦᠮᠡ ᠳᠤ ᠬᠦᠷᠴᠡᠢ᠃ ᠣᠳᠣᠬᠠᠨ ᠳᠤ᠂ ᠪᠥᠬᠦ ᠳᠡᠯᠡᠬᠡᠢ ᠶᠢᠨ ᠬᠢᠵᠢᠭ ᠤᠨ ᠪᠠᠶᠢᠳᠠᠯ ᠮᠥᠨ ᠬᠦ | ᠥᠨᠳᠥᠷ ᠪᠠᠶᠢᠷᠢᠨ ᠳᠤ ᠪᠠᠶᠢᠵᠤ᠂ ᠸᠢᠷᠦ᠋ᠰ ᠮᠥᠨ ᠯᠡ ᠲᠠᠰᠤᠷᠠᠯᠲᠠ ᠦᠭᠡᠢ ᠬᠤᠪᠢᠰᠴᠤ ᠪᠠᠶᠢᠨ᠎ᠠ᠃ | ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠥᠬᠦ ᠲᠠᠯ᠎ᠠ ᠪᠠᠷ ᠶᠡᠷᠦᠩᠬᠡᠶᠢᠯᠡᠨ | ᠰᠡᠷᠭᠡᠶᠢᠯᠡᠨ ᠡᠵᠡᠮᠳᠡᠬᠦ ︽ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ᠂ ᠡᠪᠡᠳᠴᠢᠨ ᠤ ᠵᠢᠱᠢᠶ᠎ᠡ ᠶᠢ | ᠬᠦᠳᠡᠯᠦᠩᠭᠦᠢ ᠪᠠᠷ ᠦᠭᠡᠢ ᠪᠣᠯᠭᠠᠬᠤ︾ ᠳᠥᠷᠪᠡᠳᠦᠭᠡᠷ ᠱᠠᠲᠤᠨ ᠳᠤ ᠣᠷᠣᠪᠠ | 2020 ᠣᠨ ᠠᠴᠠ ᠨᠠᠭᠠᠰᠢ᠂ ᠮᠠᠨ ᠤ ᠤᠯᠤᠰ ᠤᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠶᠡᠭᠡ ᠲᠥᠯᠥᠪ᠄ ᠭᠡᠨᠡᠳᠲᠡ ᠶᠢᠨ ᠬᠢᠵᠢᠭ ᠤᠨ ᠪᠠᠶᠢᠳᠠᠯ ᠢ | ᠠᠷᠭᠠᠴᠠᠭᠠᠬᠤ ᠪᠦᠰᠡᠯᠡᠨ ᠬᠤᠷᠢᠭᠯᠠᠬᠤ ᠱᠠᠲᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠠᠶᠢᠨ ᠰᠦᠪᠡᠭᠴᠢᠯᠡᠬᠦ ᠱᠠᠲᠤ᠂ ᠪᠥᠬᠦ ᠬᠡᠯᠬᠢᠶ᠎ᠡ ᠪᠠᠷ ᠰᠡᠷᠭᠡᠶᠢᠯᠡᠨ ᠡᠵᠡᠮᠳᠡᠬᠦ ︽ᠡᠪᠡᠳᠴᠢᠨ ᠤ ᠵᠢᠱᠢᠶ᠎ᠡ ᠶᠢ | ᠬᠦᠳᠡᠯᠦᠩᠭᠦᠢ ᠪᠠᠷ ᠦᠭᠡᠢ ᠪᠣᠯᠭᠠᠬᠤ︾ ᠱᠠᠲᠤ᠂ ᠪᠥᠬᠦ ᠲᠠᠯ᠎ᠠ ᠪᠠᠷ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ︽ | ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ᠂ ᠡᠪᠡᠳᠴᠢᠨ ᠤ ᠵᠢᠱᠢᠶ᠎ᠡ ᠶᠢ ᠬᠦᠳᠡᠯᠦᠩᠭᠦᠢ ᠪᠠᠷ ᠦᠭᠡᠢ ᠪᠣᠯᠭᠠᠬᠤ︾ | ᠱᠠᠲᠤ ᠭᠡᠬᠦ ᠳᠦᠷᠪᠡᠨ ᠱᠠᠲᠤ ᠬᠤᠪᠢᠶᠠᠵᠤ ᠪᠣᠯᠤᠨ᠎ᠠ᠃ ᠡᠨᠡ ᠵᠢᠯ ᠤᠨ 3 ᠳ᠋ᠤᠭᠠᠷ ᠰᠠᠷ᠎ᠠ ᠠᠴᠠ ᠨᠠᠭᠠᠰᠢ᠂ ᠮᠠᠨ ᠤ | ᠤᠯᠤᠰ ᠣᠲᠣ ᠶᠠᠭ ᠪᠥᠬᠦ ᠲᠠᠯ᠎ᠠ ᠪᠠᠷ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ︽ᠰᠢᠨᠵᠢᠯᠡᠬᠦ ᠤᠬᠠᠭᠠᠨᠴᠢ ᠨᠠᠷᠢᠯᠢᠭ | ᠣᠨᠣᠴᠠᠲᠠᠢ᠂ ᠡᠪᠡᠳᠴᠢᠨ ᠤ ᠵᠢᠱᠢᠶ᠎ᠡ ᠶᠢ ᠬᠦᠳᠡᠯᠦᠩᠭᠦᠢ ᠪᠠᠷ ᠦᠭᠡᠢ ᠪᠣᠯᠭᠠᠬᠤ︾ ᠱᠠᠲᠤᠨ ᠳᠤ ᠣᠷᠤᠪᠠ᠂ | ᠲᠤᠬᠠᠶᠢᠯᠠᠪᠠᠯ ᠳᠥᠷᠪᠡᠳᠦᠭᠡᠷ ᠱᠠᠲᠤ ᠪᠣᠯᠤᠨ᠎ᠠ᠃ ᠲᠣᠰ ᠱᠠᠲᠤᠨ ᠳᠤ ᠲᠦᠷᠭᠡᠨ ᠪᠥᠭᠡᠳ ᠨᠠᠷᠢᠯᠢᠭ ᠣᠨᠣᠴᠠᠲᠠᠢ | ᠪᠠᠶᠢᠬᠤ ᠶᠢ ᠴᠢᠬᠤᠯᠠᠴᠢᠯᠠᠬᠤ ᠠᠴᠠ ᠭᠠᠳᠠᠨ᠎ᠠ ᠶᠡᠷᠦᠩᠬᠡᠶᠢᠯᠡᠭᠰᠡᠨ ᠴᠢᠨᠠᠷ ᠢ ᠨᠠᠩ ᠴᠢᠬᠤᠯᠠᠴᠢᠯᠠᠬᠤ ᠬᠡᠷᠡᠭᠲᠡᠢ᠂ | ᠥᠭᠡᠷ᠎ᠡ ᠪᠠᠷ ᠬᠡᠯᠡᠪᠡᠯ ᠬᠠᠯᠳᠠᠪᠤᠷᠢᠯᠠᠯ ᠤᠨ ᠡᠬᠢ ᠰᠤᠷᠪᠤᠯᠵᠢ ᠶᠢᠨ ᠬᠠᠮᠢᠶᠠᠷᠤᠯᠲᠠ ᠪᠠ ᠬᠠᠯᠳᠠᠪᠤᠷᠢᠯᠠᠬᠤ ᠠᠷᠭ᠎ᠠ ᠵᠠᠮ ᠢ | ᠲᠦᠷᠭᠡᠨ ᠲᠠᠰᠤᠯᠬᠤ ᠶᠢ ᠪᠠᠭᠲᠠᠭᠠᠭᠰᠠᠨ ᠶᠡᠷᠦᠩᠬᠡᠶᠢᠯᠡᠭᠰᠡᠨ ᠴᠢᠨᠠᠷᠲᠠᠢ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠨᠦᠭᠦᠳ ᠢ ᠠᠪᠴᠤ᠂ ᠠᠮᠠᠷᠬᠠᠨ ᠬᠠᠯᠳᠠᠪᠤᠷᠢᠯᠠᠬᠤ ᠬᠥᠮᠥᠰ ᠢ ᠬᠠᠮᠠᠭᠠᠯᠠᠬᠤ ᠬᠡᠷᠡᠭᠲᠡᠢ᠃ | ᠳᠥᠷᠪᠡᠳᠦᠭᠡᠷ ᠱᠠᠲᠤᠨ ᠳᠤ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠣᠨᠣᠰᠢᠯᠠᠨ ᠡᠮᠨᠡᠬᠦ ᠲᠥᠰᠥᠯ ︵ | ᠲᠤᠷᠰᠢᠨ ᠬᠡᠷᠡᠭᠵᠢᠭᠦᠯᠬᠦ ᠶᠢᠰᠦᠳᠦᠭᠡᠷ ᠬᠡᠪ︶︾ ᠤᠨ ᠶᠣᠰᠣᠭᠠᠷ ᠴᠠᠭ ᠲᠤᠬᠠᠢ ᠳᠤ ᠨᠢ ᠵᠥᠪ ᠣᠨᠣᠪᠴᠢᠲᠠᠶ ᠪᠠᠷ | ᠲᠥᠷᠥᠯ ᠬᠡᠯᠪᠡᠷᠢ ᠬᠤᠪᠢᠶᠠᠬᠤ ᠪᠠ ᠭᠥᠯᠢᠶᠡᠨ ᠠᠪᠴᠤ ᠡᠮᠨᠡᠨ ᠵᠠᠰᠠᠬᠤ ᠬᠠᠮᠢᠶ᠎ᠠ ᠪᠦᠬᠦᠢ ᠠᠵᠢᠯ ᠢ ᠬᠢᠨ᠎ᠡ᠃ | ᠵᠢᠱᠢᠶᠡᠯᠡᠪᠡᠯ ᠠᠭᠤᠰᠬᠢᠨ ᠦᠷᠪᠢᠰᠦᠯ ᠤᠨ ᠢᠯᠡᠷᠡᠯ ᠲᠠᠢ᠂ ᠰᠠᠭᠤᠷᠢ ᠡᠪᠡᠳᠴᠢᠨ ᠲᠠᠢ᠂ ᠦᠨᠳᠦᠷ ᠲᠦᠭᠰᠢᠭᠦᠷᠢᠲᠦ | ᠬᠦᠴᠦᠨ ᠵᠦᠢᠯ ᠲᠠᠢ᠂ ᠨᠠᠰᠤᠲᠠᠨ ᠨᠢᠯᠬᠠᠰ ᠵᠡᠷᠭᠡ ᠬᠠᠯᠳᠠᠪᠤᠷᠢᠯᠠᠭᠳᠠᠭᠴᠢ ᠢ ᠪᠦᠷ ᠴᠡᠭ ᠲᠣᠭᠲᠠᠭᠠᠭᠰᠠᠨ | ᠡᠮᠨᠡᠯᠭᠡ ᠶᠢᠨ ᠬᠤᠷᠢᠶᠠᠨ᠋ ᠳᠤ ᠭᠥᠯᠢᠶᠡᠨ ᠠᠪᠴᠤ ᠡᠮᠨᠡᠨ ᠵᠠᠰᠠᠨ᠎ᠠ︔ ᠬᠥᠩᠭᠡᠨ ᠡᠪᠡᠳᠴᠢᠨ ᠪᠤᠶᠤ ᠡᠪᠡᠳᠴᠢᠨ ᠤ | ᠢᠯᠡᠷᠡᠯ ᠦᠭᠡᠢ ᠬᠠᠯᠳᠠᠪᠤᠷᠢᠯᠠᠭᠳᠠᠭᠴᠢ ᠶᠢ ᠴᠢᠩᠭᠡᠯᠢᠭᠲᠦ ᠡᠮᠨᠡᠯᠭᠡ ᠶᠢᠨ ᠬᠤᠷᠢᠶᠠᠨ᠋ ᠳᠤ ᠡᠮᠨᠡᠨ ᠵᠠᠰᠠᠨ᠎ᠠ︔ | ᠢᠯᠡᠷᠢᠰᠢᠵᠦ ᠡᠮᠨᠡᠯᠭᠡ ᠠᠴᠠ ᠭᠠᠷᠬᠤ ᠪᠤᠶᠤ ᠴᠢᠩᠭᠡᠯᠢᠭ ᠠᠴᠠ ᠭᠠᠷᠤᠭᠰᠠᠳ ᠰᠢᠭᠤᠳ ᠭᠡᠷ ᠲᠤ ᠪᠠᠨ ᠰᠠᠭᠤᠵᠤ | ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠥᠩᠭᠡᠨ ᠡᠪᠡᠳᠴᠢᠨ ᠪᠠ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠳᠠᠭᠴᠢ ᠶᠢᠨ ᠡᠳᠦᠷ ᠲᠤᠲᠤᠮ ᠤᠨ ᠡᠮᠴᠢᠯᠡᠭᠡᠨ ᠤ ᠡᠬᠢ ᠪᠠᠶᠠᠯᠢᠭ ᠢ ᠰᠢᠬᠠᠨ ᠡᠵᠡᠯᠡᠬᠦ ᠪᠠᠶᠢᠳᠠᠯ ᠢ | ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ | ︽ᠡᠪᠡᠳᠴᠢᠨ ᠤ ᠵᠢᠱᠢᠶ᠎ᠡ ᠶᠢ ᠬᠦᠳᠡᠯᠦᠩᠭᠦᠢ ᠪᠠᠷ ᠦᠭᠡᠢ ᠪᠣᠯᠭᠠᠬᠤ︾ ᠪᠠᠷ ᠬᠦᠭᠡᠭᠡᠴᠡᠯᠳᠦᠬᠦ ᠬᠠᠷᠠᠯᠲᠠ ᠶᠢᠨ | ᠨᠢᠭᠡ ᠨᠢ ᠳᠠᠷᠤᠢ ᠠᠯᠢ ᠴᠢᠳᠠᠬᠤ ᠪᠠᠷ ᠪᠥᠬᠦ ᠣᠷᠤᠨ ᠪᠦᠰᠡ ᠶᠢᠨ ᠲᠣᠭᠲᠠᠮᠠᠯ ᠬᠠᠮᠢᠶᠠᠷᠤᠯᠲᠠ ᠠᠴᠠ ᠵᠠᠶᠢᠯᠠᠰᠬᠢᠨ᠎ᠡ | ︽ᠡᠪᠡᠳᠴᠢᠨ ᠤ ᠵᠢᠱᠢᠶ᠎ᠡ ᠶᠢ ᠬᠦᠳᠡᠯᠦᠩᠭᠦᠢ ᠪᠠᠷ ᠦᠭᠡᠢ ᠪᠣᠯᠭᠠᠬᠤ︾ ᠨᠢ ᠪᠥᠬᠦ ᠣᠷᠤᠨ ᠪᠦᠰᠡ ᠳᠤ | ᠲᠣᠭᠲᠠᠮᠠᠯ ᠬᠠᠮᠢᠶᠠᠷᠤᠯᠲᠠ ᠶᠠᠪᠤᠭᠤᠯᠬᠤ ᠭᠡᠰᠡᠨ ᠦᠭᠡ ᠪᠢᠰᠢ ᠶᠤᠮ᠃ ᠡᠭᠦᠨ ᠲᠠᠢ ᠶᠠᠭ ᠡᠰᠡᠷᠭᠦ ᠪᠠᠷ᠂ ︽ | ᠡᠪᠡᠳᠴᠢᠨ ᠤ ᠵᠢᠱᠢᠶ᠎ᠡ ᠶᠢ ᠬᠦᠳᠡᠯᠦᠩᠭᠦᠢ ᠪᠠᠷ ᠦᠭᠡᠢ ᠪᠣᠯᠭᠠᠬᠤ︾ ᠬᠦᠭᠡᠭᠡᠴᠡᠯᠳᠦᠬᠦ ᠬᠠᠷᠠᠯᠲᠠ ᠶᠢᠨ ᠨᠢᠭᠡ ᠨᠢ | ᠳᠠᠷᠤᠢ ᠪᠦᠬᠦ ᠣᠷᠤᠨ ᠪᠦᠰᠡ ᠶᠢᠨ ᠲᠣᠭᠲᠠᠮᠠᠯ ᠬᠠᠮᠢᠶᠠᠷᠤᠯᠲᠠ ᠠᠴᠠ ᠠᠯᠢ ᠴᠢᠳᠠᠬᠤ ᠪᠠᠷ ᠵᠠᠶᠢᠯᠠᠰᠬᠢᠬᠦ ᠶᠠᠪᠤᠳᠠᠯ | ᠪᠣᠯᠣᠨ᠎ᠠ᠃ ᠣᠳᠣᠬᠠᠨ ᠳᠤ᠂ ᠣᠮᠢᠺᠷᠤᠨ ᠣᠨᠳᠣᠣᠰᠢᠭᠰᠠᠨ ᠸᠢᠷᠦ᠋ᠰ ᠤᠨ ᠣᠨᠴᠠᠯᠢᠭ ᠲᠤ ᠴᠢᠭᠯᠡᠭᠦᠯᠦᠨ᠂ ᠨᠢᠭᠡ | ᠲᠠᠯ᠎ᠠ ᠪᠠᠷ ᠲᠦᠷᠭᠡᠨ ᠪᠥᠭᠡᠳ ᠡᠷᠡᠰ ᠰᠢᠭᠤᠷᠬᠠᠢ᠂ ᠲᠦᠢᠯᠪᠤᠷᠢᠲᠠᠢ ᠪᠠᠷ ᠬᠠᠮᠢᠶ᠎ᠠ ᠪᠦᠬᠦᠢ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠠᠪᠬᠤ ᠬᠡᠷᠡᠭᠲᠡᠢ︔ ᠨᠦᠭᠦᠭᠡ ᠲᠠᠯ᠎ᠠ ᠪᠠᠷ ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ ᠪᠠᠷ | ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠡᠶᠢᠭᠡᠮ ᠤᠨ ᠠᠵᠤ | ᠠᠬᠤᠢ ᠶᠢᠨ ᠬᠥᠭᠵᠢᠯᠲᠡ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠬᠤᠭᠤᠷᠣᠨᠳᠣᠬᠢ ᠬᠠᠷᠢᠴᠠᠭ᠎ᠠ ᠶᠢ ᠬᠠᠮᠤᠭ ᠤᠨ | ᠶᠡᠭᠡ ᠬᠡᠮᠵᠢᠶ᠎ᠡ ᠪᠠᠷ ᠲᠡᠩᠴᠡᠭᠦᠷᠢᠰᠢᠭᠦᠯᠵᠦ᠂ ᠱᠠᠲᠤ ᠱᠠᠲᠤ ᠪᠠᠷ ᠡᠭᠦᠷᠭᠡ ᠨᠡᠮᠡᠬᠦ ᠪᠠ ︽ᠨᠢᠭᠡ ᠯᠡ ᠪᠠᠷᠢᠮᠵᠢᠶ᠎ᠠ ᠪᠠᠷ | ᠱᠠᠭᠠᠷᠳᠠᠬᠤ︾ ᠶᠢ ᠡᠷᠡᠰ ᠰᠡᠷᠭᠡᠶᠢᠯᠡᠬᠦ ᠬᠡᠷᠡᠭᠲᠡᠢ᠃ ᠦᠯᠦ ᠦᠢᠯᠡᠳᠭᠦᠢ ᠪᠠ ᠲᠤᠰᠬᠠᠯ ᠤᠳᠠᠭᠠᠨ ᠪᠠᠶᠢᠬᠤ ᠶᠢ | ᠰᠡᠷᠭᠡᠶᠢᠯᠡᠬᠦ ᠮᠥᠷᠲᠡᠭᠡᠨ ᠪᠠᠰᠠ ᠳᠤᠷ᠎ᠠ ᠪᠠᠷ ᠢᠶᠠᠨ ᠦᠢᠯᠡᠳᠬᠦᠢ ᠪᠠ ᠱᠠᠲᠤ ᠱᠠᠲᠤ ᠪᠠᠷ ᠡᠭᠦᠷᠭᠡ ᠨᠡᠮᠡᠬᠦ ᠶᠢ ᠰᠡᠷᠭᠡᠶᠢᠯᠡᠬᠦ | ᠬᠡᠷᠡᠭᠲᠡᠢ᠃ | ᠵᠠᠷᠴᠢᠮ ᠤᠨ ᠲᠠᠯ᠎ᠠ ᠠᠴᠠ ᠠᠪᠴᠤ ᠬᠡᠯᠡᠪᠡᠯ᠂ ᠬᠢᠵᠢᠭ ᠤᠨ ᠪᠠᠶᠢᠳᠠᠯ ᠤᠨ ᠡᠬᠢᠨ ᠤ ᠬᠤᠭᠤᠴᠠᠭᠠᠨ ᠳᠤ᠂ | ᠬᠠᠯᠳᠠᠪᠤᠷᠢᠯᠠᠬᠤ ᠬᠡᠯᠬᠢᠶ᠎ᠡ ᠨᠢ ᠲᠣᠳᠣᠷᠬᠠᠢ᠂ ᠠᠶᠤᠯ ᠲᠦᠭᠰᠢᠭᠦᠷᠢ ᠶᠢ ᠡᠵᠡᠮᠳᠡᠵᠦ ᠪᠣᠯᠬᠤ ᠪᠠᠶᠢᠳᠠᠯ ᠳᠣᠣᠷ᠎ᠠ᠂ ᠪᠥᠬᠦ | ᠣᠷᠤᠨ ᠪᠦᠰᠡ ᠶᠢᠨ ᠲᠣᠭᠲᠠᠮᠠᠯ ᠬᠠᠮᠢᠶᠠᠷᠤᠯᠲᠠ ᠶᠢ ᠬᠡᠷᠡᠭᠵᠢᠭᠦᠯᠬᠦ ᠴᠢᠬᠤᠯᠠ ᠦᠭᠡᠢ ᠶᠤᠮ᠃ ᠭᠡᠪᠡᠴᠦ ᠨᠡᠶᠢᠭᠡᠮ | ᠲᠣᠭᠤᠷᠢᠭ ᠲᠤ ᠦᠷᠭᠡᠨ ᠢᠶᠠᠷ ᠲᠠᠷᠬᠠᠨ ᠳᠡᠯᠭᠡᠷᠡᠭᠰᠡᠨ ᠦᠶ᠎ᠡ ᠳᠤ᠂ ᠬᠠᠯᠳᠠᠪᠤᠷᠢᠯᠠᠬᠤ ᠬᠡᠯᠬᠢᠶ᠎ᠡ ᠨᠢ ᠲᠣᠳᠣᠷᠬᠠᠢ ᠦᠭᠡᠢ | ᠂ ᠲᠤᠬᠠᠶᠢᠯᠠᠪᠠᠯ᠂ ᠬᠠᠯᠳᠠᠪᠤᠷᠢᠯᠠᠯ ᠤᠨ ᠡᠬᠢ ᠢᠷᠡᠯᠲᠡ ᠪᠠ ᠬᠠᠯᠳᠠᠪᠤᠷᠢᠯᠠᠭᠳᠠᠭᠴᠢ ᠶᠢᠨ ᠬᠤᠭᠤᠷᠣᠨᠳᠤ᠂ ᠨᠢᠭᠲᠠ | ᠣᠶᠢᠷᠠᠲᠤᠭᠰᠠᠳ ᠤᠨ ᠬᠤᠭᠤᠷᠣᠨᠳᠣᠬᠢ ᠬᠠᠷᠢᠴᠠᠭ᠎ᠠ ᠨᠢ ᠲᠣᠳᠣᠷᠬᠠᠢ ᠦᠭᠡᠢ᠂ ᠶᠡᠭᠡ ᠪᠠᠷ ᠲᠠᠷᠬᠠᠨ ᠳᠡᠯᠭᠡᠷᠡᠬᠦ ᠪᠠ | ᠬᠡᠪᠴᠢᠶᠡᠵᠢᠯ ᠤᠨ ᠴᠢᠨᠠᠷᠲᠠᠢ ᠳᠠᠬᠢᠨ ᠦᠷᠪᠢᠰᠬᠦ ᠠᠶᠤᠯ ᠲᠦᠭᠰᠢᠭᠦᠷᠢ ᠨᠡᠯᠢᠶᠡᠳ ᠶᠡᠭᠡ ᠪᠣᠯᠤᠭᠰᠠᠨ ᠪᠠᠶᠢᠳᠠᠯ ᠳᠣᠣᠷ᠎ᠠ | ᠂ ᠬᠢᠵᠢᠭ ᠤᠨ ᠪᠠᠶᠢᠳᠠᠯ ᠤᠨ ᠣᠨᠴᠠᠯᠢᠭ᠂ ᠣᠷᠣᠰᠢᠵᠤ ᠪᠠᠶᠢᠭ᠎ᠠ ᠱᠠᠲᠤ ᠦᠶ᠎ᠡ᠂ ᠰᠡᠷᠭᠡᠶᠢᠯᠡᠨ ᠡᠵᠡᠮᠳᠡᠬᠦ ᠴᠢᠳᠠᠪᠤᠷᠢ᠂ | ᠨᠡᠶᠢᠭᠡᠮ ᠠᠵᠤ ᠠᠬᠤᠢ ᠶᠢᠨ ᠬᠢᠷᠢ ᠲᠦᠪᠰᠢᠨ᠂ ᠬᠥᠮᠥᠨ ᠠᠮᠠ ᠶᠢᠨ ᠣᠨᠴᠠᠯᠢᠭ ᠵᠡᠷᠭᠡ ᠬᠦᠴᠦᠨ ᠵᠦᠢᠯ ᠢ | ᠶᠡᠷᠦᠩᠬᠡᠶᠢᠯᠡᠨ ᠪᠣᠳᠤᠯᠬᠢᠯᠠᠭᠰᠠᠨ ᠪᠠᠶᠢᠳᠠᠯ ᠳᠣᠣᠷ᠎ᠠ ᠰᠠᠶ᠋ᠢ ᠲᠣᠭᠲᠠᠮᠠᠯ ᠬᠠᠮᠢᠶᠠᠷᠤᠯᠲᠠ ᠵᠢᠴᠢ ᠲᠣᠭᠲᠠᠮᠠᠯ | ᠬᠠᠮᠢᠶᠠᠷᠤᠯᠲᠠ ᠶᠠᠪᠤᠭᠤᠯᠬᠤ ᠪᠣᠳᠠᠲᠠᠢ ᠣᠷᠣᠨ ᠪᠦᠰᠡ ᠶᠢᠨ ᠶᠡᠭᠡ ᠪᠠᠭ᠎ᠠ᠂ ᠬᠦᠷᠢᠶ᠎ᠡ ᠬᠡᠪᠴᠢᠶ᠎ᠡ᠂ ᠴᠠᠭ ᠬᠤᠭᠤᠴᠠᠭ᠎ᠠ | ᠪᠠ ᠬᠠᠮᠢᠶᠠᠷᠤᠯᠲᠠ ᠶᠢᠨ ᠡᠷᠴᠢᠮ ᠵᠡᠷᠭᠡ ᠨᠡᠩ ᠴᠢᠩᠭ᠎ᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠬᠤ ᠡᠰᠡᠬᠦ ᠶᠢ | ᠲᠣᠭᠲᠠᠭᠠᠬᠤ ᠬᠡᠷᠡᠭᠲᠡᠢ᠃ ᠡᠭᠦᠨ ᠠᠴᠠ ᠦᠵᠡᠬᠦ ᠳᠤ᠂ ︽ᠳᠦᠷᠪᠡ ᠶᠢ ᠡᠷᠲᠡ ᠭᠦᠢᠴᠡᠳᠬᠡᠬᠦ︾ ᠶᠢ | ᠨᠠᠶᠢᠳᠠᠪᠤᠷᠢᠵᠢᠭᠤᠯᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠪᠠᠯ᠂ ᠳᠠᠷᠤᠢ ᠪᠥᠬᠦ | ᠣᠷᠤᠨ ᠪᠦᠰᠡ ᠶᠢᠨ ᠲᠣᠭᠲᠠᠮᠠᠯ ᠬᠠᠮᠢᠶᠠᠷᠤᠯᠲᠠ ᠠᠴᠠ ᠪᠦᠲᠦᠮᠵᠢᠲᠡᠶ ᠵᠠᠶᠢᠯᠠᠰᠬᠢᠵᠦ ᠴᠢᠳᠠᠨ᠎ᠠ᠃ | ᠬᠢᠯᠢ ᠶᠢᠨ ᠪᠣᠭᠤᠮᠲᠠ ᠶᠢᠨ ᠬᠤᠲᠠ ᠨᠢ ᠬᠢᠯᠢ ᠶᠢᠨ ᠪᠣᠭᠤᠮᠲᠠ ᠶᠢᠨ ᠰᠡᠷᠭᠡᠶᠢᠯᠡᠨ ᠡᠵᠡᠮᠳᠡᠬᠦ ᠲᠤᠰᠬᠠᠢ ᠠᠩᠭᠢ | ᠪᠠᠶᠢᠭᠤᠯᠵᠤ᠂ ᠨᠥᠬᠦᠴᠡᠯ ᠲᠠᠢ ᠬᠢᠯᠢ ᠶᠢᠨ ᠪᠣᠭᠤᠮᠲᠠ ᠶᠢᠨ ᠬᠤᠲᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠠᠪᠰᠠᠷ ᠤᠨ ᠣᠷᠣᠨ ᠭᠠᠷᠭᠠᠵᠤ ᠪᠣᠯᠣᠨ᠎ᠠ | ᠣᠳᠣᠬᠠᠨ ᠳᠤ ᠬᠢᠯᠢ ᠶᠢᠨ ᠪᠣᠭᠤᠮᠲᠠ ᠶᠢᠨ ᠬᠤᠲᠠ ᠨᠢ ᠬᠢᠯᠢ ᠶᠢᠨ ᠪᠣᠭᠤᠮᠲᠠ ᠶᠢᠨ ᠰᠡᠷᠭᠡᠶᠢᠯᠡᠨ ᠡᠵᠡᠮᠳᠡᠬᠦ | ᠲᠤᠰᠬᠠᠢ ᠠᠩᠭᠢ ᠪᠠᠶᠢᠭᠤᠯᠵᠤ᠂ ᠲᠤᠬᠠᠢ ᠶᠢᠨ ᠭᠠᠵᠠᠷ ᠤᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ | ᠲᠣᠭᠲᠠᠴᠠ ᠶᠢᠨ ᠳᠣᠣᠷ᠎ᠠ᠂ ᠡᠯ᠎ᠡ ᠰᠠᠯᠠᠭ᠎ᠠ ᠮᠥᠴᠢᠷ ᠤᠨ ᠬᠢᠨ ᠲᠠᠢ ᠬᠠᠮᠵᠢᠯᠴᠠᠭ᠎ᠠ ᠪᠠᠨ ᠴᠢᠩᠭᠠᠳᠬᠠᠨ᠂ ᠬᠠᠷᠢᠶ᠎ᠠ | ᠭᠠᠵᠠᠷ᠂ ᠠᠵᠢᠯ ᠲᠥᠷᠥᠯ᠂ ᠰᠠᠯᠠᠭ᠎ᠠ ᠮᠥᠴᠢᠷ᠂ ᠨᠢᠭᠡᠴᠢ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠡᠯ᠎ᠡ ᠭᠤᠭᠴᠤᠭ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠪᠠ ᠬᠠᠷᠢᠭᠤᠴᠠᠯᠭᠠᠲᠠᠨ ᠢ | ᠲᠣᠳᠤᠷᠬᠠᠶᠢᠯᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ | ᠭᠡᠵᠦ ᠱᠠᠭᠠᠷᠳᠠᠵᠤ ᠪᠠᠶᠢᠨ᠎ᠠ᠃ ᠥᠭᠡᠷ᠎ᠡ ᠪᠠᠷ ᠬᠡᠯᠡᠪᠡᠯ᠂ ᠬᠢᠯᠢ ᠶᠢᠨ ᠪᠣᠭᠤᠮᠲᠠ ᠶᠢᠨ ᠬᠤᠲᠠ ᠶᠢᠨ ᠪᠦᠬᠦᠯᠢ | ᠴᠣᠭᠴᠠ ᠪᠠᠷ ᠨᠢ ᠬᠠᠮᠢᠶᠠᠷᠤᠨ ᠡᠵᠡᠮᠳᠡᠬᠦ ᠣᠷᠣᠨ ᠪᠣᠯᠭᠠᠵᠤ ᠴᠢᠩᠭ᠎ᠠ ᠬᠠᠮᠢᠶᠠᠷᠤᠨ ᠡᠵᠡᠮᠳᠡᠬᠦ ᠣᠳᠣᠬᠢ ᠪᠠᠶᠢᠳᠠᠯ ᠢ | ᠬᠤᠪᠢᠷᠠᠭᠤᠯᠵᠤ᠂ ᠨᠥᠬᠦᠴᠡᠯ ᠲᠠᠢ ᠬᠢᠯᠢ ᠶᠢᠨ ᠪᠣᠭᠤᠮᠲᠠ ᠶᠢᠨ ᠬᠤᠲᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠵᠠᠪᠰᠠᠷ ᠤᠨ ᠣᠷᠣᠨ ᠭᠠᠷᠭᠠᠵᠤ᠂ ᠣᠷᠣᠨ ᠬᠤᠪᠢᠶᠠᠨ ᠵᠦᠷᠢᠶᠡᠴᠢᠯᠡᠨ ᠬᠠᠮᠢᠶᠠᠷᠤᠨ ᠡᠵᠡᠮᠳᠡᠬᠦ ᠠᠷᠭ᠎ᠠ | ᠬᠡᠮᠵᠢᠶ᠎ᠡ ᠶᠢ ᠬᠡᠷᠡᠭᠵᠢᠭᠦᠯᠵᠦ ᠪᠣᠯᠣᠨ᠎ᠠ᠃ ᠵᠠᠪᠰᠠᠷ ᠤᠨ ᠣᠷᠣᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠨᠡᠯᠢᠶᠡᠳ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠵᠦ᠂ ᠵᠠᠪᠰᠠᠷ ᠤᠨ ᠣᠷᠣᠨ ᠠᠴᠠ ᠭᠠᠳᠠᠨᠠᠬᠢ ᠭᠠᠵᠠᠷ ᠣᠷᠣᠨ ᠳᠤ | ᠪᠠᠶᠢᠩᠭᠤᠵᠢᠭᠰᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ | ᠲᠦᠷᠭᠡᠨ ᠢᠯᠡᠭᠡᠯᠲᠡ᠂ ᠪᠣᠭᠤᠳᠠᠯ ᠪᠠᠭᠯᠠᠭ᠎ᠠ ᠪᠣᠯᠣᠨ ᠰᠤᠷᠭᠠᠭᠤᠯᠢ ᠶᠢᠨ ᠬᠦᠷᠢᠶᠡᠨ ᠳᠤ ᠣᠷᠣᠬᠤ ᠪᠤᠰᠤᠳ | ᠪᠣᠳᠠᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠬᠡᠪ ᠤᠨ ᠪᠠᠶᠢᠴᠠᠭᠠᠯᠲᠠ ᠶᠢ ᠰᠠᠶᠢᠲᠤᠷ | ᠬᠢᠬᠦ ᠬᠡᠷᠡᠭᠲᠡᠢ | ᠰᠤᠷᠭᠠᠭᠤᠯᠢ ᠶᠢᠨ ᠬᠦᠷᠢᠶᠡᠨ ᠳᠤ ᠲᠦᠷᠭᠡᠨ ᠢᠯᠡᠭᠡᠯᠲᠡ ᠪᠠ ᠬᠥᠮᠥᠰ ᠤᠨ ᠶᠠᠪᠤᠯᠴᠠᠭ᠎ᠠ ᠶᠢ ᠪᠠᠭᠲᠠᠭᠠᠭᠰᠠᠨ | ᠰᠤᠷᠭᠠᠭᠤᠯᠢ ᠶᠢᠨ ᠭᠠᠳᠠᠨᠠᠬᠢ ᠬᠥᠮᠥᠰ ᠲᠠᠢ ᠶᠠᠩᠵᠤ ᠪᠦᠷᠢ ᠶᠢᠨ ᠬᠠᠷᠢᠯᠴᠠᠭ᠎ᠠ ᠶᠠᠪᠤᠭᠳᠠᠬᠤ ᠨᠢ ᠯᠠᠪᠲᠠᠢ ᠶᠤᠮ᠃ | ᠲᠦᠷᠭᠡᠨ ᠢᠯᠡᠭᠡᠯᠲᠡ᠂ ᠪᠣᠭᠤᠳᠠᠯ ᠪᠠᠭᠯᠠᠭ᠎ᠠ ᠪᠣᠯᠣᠨ ᠰᠤᠷᠭᠠᠭᠤᠯᠢ ᠶᠢᠨ ᠬᠦᠷᠢᠶᠡᠨ ᠳᠤ ᠣᠷᠣᠬᠤ | ᠪᠤᠰᠤᠳ ᠡᠳ᠋ ᠪᠣᠳᠠᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠬᠡᠪ ᠤᠨ | ᠪᠠᠶᠢᠴᠠᠭᠠᠯᠲᠠ ᠶᠢ ᠰᠠᠶᠢᠲᠤᠷ ᠬᠢᠬᠦ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠳᠤ ᠣᠷᠣᠬᠤ ᠡᠳ᠋ ᠪᠣᠳᠠᠰ ᠠᠴᠠ | ᠭᠠᠳᠠᠨ᠎ᠠ᠂ ᠰᠤᠷᠭᠠᠭᠤᠯᠢ ᠶᠢᠨ ᠬᠦᠷᠢᠶᠡᠨ ᠳᠣᠲᠣᠷᠠᠬᠢ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠪᠠ ᠤᠯᠠᠨ | ᠨᠡᠶᠢᠲᠡ ᠶᠢᠨ ᠲᠠᠯᠠᠪᠤᠷ ᠭᠠᠵᠠᠷ ᠤᠨ ᠬᠠᠮᠢᠶᠠᠷᠤᠯᠲᠠ ᠶᠢ ᠴᠤ ᠦᠨᠡᠨ ᠬᠦ ᠪᠣᠳᠠᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ | | | |