ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠤᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠠᠩᠬᠠᠳᠤᠭᠠᠷ ᠤᠳᠠᠭ᠎ᠠ ᠶᠢᠨ ᠪᠦᠭᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/11
       5 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠵᠠᠰᠠᠭ ᠤᠨ ᠠᠵᠢᠯᠯᠠᠬᠤ ᠠᠰᠠᠷ ᠤᠨ ᠬᠤᠶᠠᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠤᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠠᠩᠬᠠᠳᠤᠭᠠᠷ ᠤᠳᠠᠭ᠎ᠠ ᠶᠢᠨ ᠪᠦᠭᠦᠳᠡ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠯᠢ ᠭᠤᠸᠠᠩ᠂ ᠳᠠᠯᠠᠶᠢᠪᠠᠲᠤ᠂ ᠯᠢ ᠵᠢᠶᠠᠨ᠂ ᠤᠯᠠᠭᠠᠨᠲᠤᠶᠠᠭ᠎ᠠ᠂ ᠶᠢᠨ ᠷᠦᠩ ᠵᠡᠷᠭᠡ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠤᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠨᠠᠷ ᠵᠢᠴᠢ ᠡᠯ᠎ᠡ ᠭᠡᠰᠢᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃        ᠬᠤᠷᠠᠯ ᠳᠤ᠂ ᠪᠦᠬᠡᠪᠠᠶᠠᠷ ᠶᠡᠷᠦᠩᠬᠡᠢ ᠱᠦᠵᠢ ᠰᠢ ᠶᠢᠨ ᠫᠢᠩ ᠤᠨ ᠨᠢᠭᠡᠳᠦᠮᠡᠯ ᠹᠷᠤᠨᠲ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠭᠦᠯᠡᠯᠲᠡ ᠪᠣᠯᠣᠨ ᠸᠠᠩ ᠶᠠᠩ ᠲᠡᠷᠢᠭᠦᠯᠡᠭᠴᠢ ᠶᠢᠨ ᠣᠷᠣᠨ ᠨᠤᠲᠤᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠤᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠦᠢᠯᠡᠳᠦᠯ ᠢᠶᠠᠨ ᠪᠠᠳᠠᠷᠠᠭᠤᠯᠬᠤ ᠲᠤᠷᠰᠢᠯᠭ᠎ᠠ ᠰᠣᠯᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃        ᠬᠤᠷᠠᠯ ᠠᠴᠠ᠂ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠤᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠡᠰᠡᠭ ᠭᠡᠰᠢᠭᠦᠨ ᠨᠢᠭᠡᠴᠡ ᠶᠢᠨ 2021 ᠣᠨ ᠤ ᠨᠢᠭᠡᠳᠦᠮᠡᠯ ᠹᠷᠤᠨᠲ ᠤᠨ ᠠᠵᠢᠯ ᠢ ᠦᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠤᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠠᠵᠢᠯ ᠤᠨ ᠭᠤᠣᠯᠳᠠᠯᠭ᠎ᠠ︾ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠬᠠᠮᠢᠶ᠎ᠠ ᠪᠦᠬᠦᠢ ᠠᠵᠢᠯ ᠢ ᠰᠣᠳᠣᠯᠣᠨ ᠪᠠᠶᠢᠷᠢᠯᠠᠭᠤᠯᠪᠠ᠃
       ᠬᠤᠷᠠᠯ ᠠᠴᠠ ᠵᠢᠭᠠᠨ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ ᠪᠦᠬᠦ ᠬᠤᠰᠢᠭᠤᠨ ᠤ ᠡᠯ᠎ᠡ ᠰᠠᠯᠠᠭ᠎ᠠ ᠮᠦᠴᠢᠷ ᠶᠡᠷᠦᠩᠬᠡᠢ ᠱᠦᠵᠢ ᠰᠢ ᠶᠢᠨ ᠫᠢᠩ ᠤᠨ ᠨᠢᠭᠡᠳᠦᠮᠡᠯ ᠹᠷᠤᠨᠲ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠬᠢᠭᠡᠳ ᠴᠢᠬᠤᠯᠠ ᠠᠵᠢᠯ ᠤᠨ ᠲᠦᠯᠦᠪᠯᠡᠭᠡ ᠶᠢ ᠨᠠᠶᠢᠳᠠᠪᠤᠷᠢᠵᠢᠭᠤᠯᠵᠤ᠂ ᠤᠯᠤᠰ ᠲᠦᠷᠥ ᠶᠢᠨ  ᠬᠦᠲᠦᠯᠦᠨ ᠳᠠᠭᠠᠭᠤᠯᠬᠤ ᠶᠢ ᠴᠢᠩᠭᠠᠳᠬᠠᠬᠤ᠂ ᠦᠭᠡᠷᠡᠴᠢᠯᠡᠯᠲᠡ ᠬᠦᠭᠵᠢᠯᠲᠡ ᠳᠤ ᠦᠢᠯᠡᠴᠢᠯᠡᠬᠦ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠬᠤ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠦ᠂ ᠢᠳᠡᠪᠬᠢᠲᠡᠢ ᠦᠷ᠎ᠡ ᠪᠦᠲᠦᠮᠵᠢ ᠣᠯᠪᠠ ᠭᠡᠵᠡᠢ᠃        ᠬᠤᠷᠠᠯ ᠠᠴᠠ ᠴᠢᠩᠭᠠᠳᠬᠠᠬᠤ ᠳᠠᠭᠠᠨ᠂ ᠪᠦᠬᠦ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ ᠮᠦᠴᠢᠷ ᠤᠯᠤᠰ ᠲᠦᠷᠥ ᠶᠢᠨ ᠬᠦᠲᠦᠯᠦᠨ ᠳᠠᠭᠠᠭᠤᠯᠬᠤ ᠦᠢᠯᠡᠳᠦᠯ ᠢ ᠴᠢᠩᠭᠠᠳᠬᠠᠵᠤ᠂ ᠨᠢᠭᠡᠳᠦᠮᠡᠯ ᠹᠷᠤᠨᠲ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠴᠢᠩᠭᠠᠳᠬᠠᠨ᠂ ᠨᠢᠭᠡᠳᠦᠮᠡᠯ ᠹᠷᠤᠨᠲ ᠤᠨ ᠠᠵᠢᠯ ᠤᠨ ᠲᠡᠦᠬᠡᠨ ᠣᠷᠣᠨ ᠪᠠᠶᠢᠷᠢ ᠶᠢ ᠣᠨᠣᠪᠴᠢᠲᠠᠢ ᠡᠵᠡᠮᠳᠡᠨ᠂ ᠦᠨᠳᠦᠰᠦᠲᠡᠨ ᠤ ᠪᠦᠯᠬᠦᠮᠳᠡᠯ ᠤᠨ ᠬᠠᠮᠤᠭ ᠤᠨ ᠰᠢᠨ᠎ᠡ ᠱᠠᠭᠠᠷᠳᠠᠯᠭ᠎ᠠ ᠶᠢ ᠵᠥᠪ ᠣᠨᠣᠪᠴᠢᠲᠠᠢ ᠣᠶᠢᠯᠠᠭᠠᠵᠤ᠂ ᠨᠢᠭᠡᠳᠦᠮᠡᠯ ᠹᠷᠤᠨᠲ ᠤᠨ ᠠᠵᠢᠯ ᠤᠨ ᠪᠠᠭᠤᠷᠠᠢ ᠲᠠᠯ᠎ᠠ ᠶᠢ ᠪᠣᠰᠣᠳᠴᠢ ᠪᠠᠷ ᠲᠠᠨᠢᠵᠤ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠤᠨᠲ ᠤᠨ ᠠᠵᠢᠯ ᠤᠨ ᠴᠢᠨᠠᠷᠯᠢᠭ ᠬᠦᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃        ᠬᠤᠷᠠᠯ ᠠᠴᠠ ᠪᠠᠰᠠ᠂ ᠪᠦᠬᠦ ᠬᠤᠰᠢᠭᠤᠨ ᠤ ︽ᠶᠡᠭᠡ ᠨᠢᠭᠡᠳᠦᠮᠡᠯ ᠹᠷᠤᠨᠲ︾ ᠤᠨ ᠠᠵᠢᠯ ᠤᠨ ᠪᠠᠶᠢᠷᠢᠰᠢᠯ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠤᠯᠠᠮ ᠳᠡᠭᠡᠭᠰᠢᠯᠡᠭᠦᠯᠦᠨ᠂ ᠭᠤᠣᠯᠳᠠᠯᠭ᠎ᠠ ᠲᠠᠢ ᠡᠭᠦᠷᠭᠡ ᠶᠢ ᠳᠤᠪᠤᠶᠢᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠨᠢᠭᠡᠳᠦᠮᠡᠯ ᠹᠷᠤᠨᠲ ᠤᠨ ᠠᠵᠢᠯ ᠢ ᠰᠠᠶᠢᠲᠤᠷ ᠬᠢᠵᠦ᠂ ᠪᠣᠰᠣᠳ ᠬᠦᠷᠢᠶᠡᠨ ᠳᠠᠬᠢ ᠨᠢᠭᠡᠳᠦᠮᠡᠯ ᠹᠷᠤᠨᠲ ᠤᠨ ᠠᠵᠢᠯ ᠢ ᠨᠢᠭᠡᠳᠦᠯᠲᠡᠢ ᠲᠦᠯᠦᠪᠯᠡᠨ ᠰᠠᠶᠢᠲᠤᠷ ᠬᠢᠵᠦ᠂ ᠲᠣᠭᠲᠠᠭᠤᠨ ᠡᠷᠡᠭᠦᠯ ᠠᠵᠤ ᠠᠬᠤᠢ ᠶᠢᠨ ᠣᠷᠴᠢᠨ ᠲᠣᠭᠤᠷᠢᠨ᠂ ᠲᠦᠷᠥ ᠲᠦᠪᠰᠢᠨ ᠲᠦᠮᠡᠨ ᠠᠮᠤᠭᠤᠯᠠᠩ ᠨᠡᠶᠢᠭᠡᠮ ᠤᠨ ᠣᠷᠴᠢᠨ ᠲᠣᠭᠤᠷᠢᠨ᠂ ᠲᠥᠪ ᠴᠢᠭᠡᠴᠢ ᠤᠯᠤᠰ ᠲᠦᠷᠥ ᠶᠢᠨ ᠣᠷᠴᠢᠨ ᠲᠣᠭᠤᠷᠢᠨ ᠢ ᠡᠭᠦᠳᠴᠦ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠂ ᠤᠬᠠᠭᠤᠯᠤᠨ ᠬᠦᠲᠦᠯᠦᠨ ᠵᠢᠯᠣᠭᠤᠳᠬᠤ ᠶᠢ ᠴᠢᠩᠭᠠᠳᠬᠠᠵᠤ᠂ ᠨᠢᠭᠡᠳᠦᠮᠡᠯ ᠹᠷᠤᠨᠲ ᠤᠨ ᠡᠯ᠎ᠡ ᠲᠦᠷᠥ ᠶᠢᠨ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠠᠬᠢᠭᠤᠯᠤᠨ᠂ ᠨᠢᠭᠡᠳᠦᠮᠡᠯ ᠹᠷᠤᠨᠲ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷᠯᠢᠭ ᠬᠦᠭᠵᠢᠯᠲᠡ ᠶᠢ ᠠᠬᠢᠭᠤᠯᠬᠤ ᠳᠤ ᠨᠢᠭᠡᠳᠦᠮᠡᠯ ᠹᠷᠤᠨᠲ ᠤᠨ ᠦᠢᠯᠡᠳᠦᠯ ᠢ ᠪᠠᠳᠠᠷᠠᠭᠤᠯᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠪᠡ᠃                                    ᠰᠤᠷᠪᠤᠯᠵᠢᠯᠠᠭᠴᠢ᠄ ᠰᠣᠯᠣᠩᠭᠤᠸ᠎ᠠ   ᠸᠠᠩ ᠢᠦᠢ   ᠶᠢᠦ ᠮᠢᠩ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号