ᠪᠦᠬᠦ ᠬᠤᠰᠢᠭᠤᠨ ᠤ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠳᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/12
     5 ᠰᠠᠷ᠎ᠠ ᠶᠢᠨ 10 ᠤ ᠡᠳᠦᠷ᠂ ᠪᠦᠬᠦ ᠬᠤᠰᠢᠭᠤᠨ ᠤ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠳᠠᠶᠢᠴᠢᠯᠠᠯᠲᠠ ᠶᠢᠨ ᠬᠤᠷᠠᠯ ᠬᠤᠰᠢᠭᠤᠨ ᠤ ᠨᠠᠮ ᠵᠠᠰᠠᠭ ᠤᠨ ᠠᠵᠢᠯᠯᠠᠬᠤ ᠠᠰᠠᠷ ᠤᠨ ᠬᠤᠶᠠᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ ᠬᠤᠷᠠᠯᠳᠤᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠪᠥᠬᠦ ᠬᠤᠰᠢᠭᠤ ᠪᠠᠷ ᠢᠶᠠᠨ ᠦᠵᠡᠯ ᠰᠠᠨᠠᠭ᠎ᠠ ᠪᠠᠨ ᠤᠯᠠᠮ ᠴᠢᠨᠠᠭᠰᠢᠳᠠ ᠨᠢᠭᠡᠳᠬᠡᠨ᠂ ᠡᠭᠦᠷᠭᠡ ᠪᠠᠨ ᠲᠣᠳᠣᠷᠬᠠᠶᠢᠯᠠᠵᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠨ᠂ ᠭᠠᠷ ᠬᠤᠯᠪᠣᠨ ᠡᠷᠡᠯᠬᠡᠭᠯᠡᠨ ᠤᠷᠤᠭᠰᠢᠯᠠᠵᠤ᠂ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠶᠢ ᠳᠠᠶᠢᠴᠢᠯᠠᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠥᠬᠡᠪᠠᠶᠠᠷ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠤᠳᠤᠷᠢᠳᠤᠯᠭ᠎ᠠ ᠳᠠᠰᠢᠵᠠᠮᠰᠤ᠂ ᠯᠢ ᠭᠤᠸᠠᠩ᠂ ᠳᠠᠯᠠᠶᠢᠪᠠᠲᠤ᠂ ᠪᠠᠢ ᠴᠦᠨ ᠮᠧᠶ᠂ ᠯᠦ ᠰᠢᠨ᠂ ᠯᠢ ᠵᠢᠶᠠᠨ᠂ ᠳ᠋ᠦ᠋ ᠴᠧᠩ᠂ ᠤᠯᠠᠭᠠᠨᠲᠤᠶᠠᠭ᠎ᠠ᠂ ᠥᠷᠭᠡᠨ᠂ ᠠᠯᠮᠠᠰ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ ᠵᠢᠶᠠᠨ ᠬᠤᠷᠠᠯ ᠡᠷᠬᠢᠯᠡᠪᠡ᠃
     ᠬᠤᠷᠠᠯ ᠠᠴᠠ ︽ᠰᠢᠨ᠎ᠡ ᠪᠠᠷᠭᠤ ᠪᠠᠷᠠᠭᠤᠨ ᠬᠤᠰᠢᠭᠤᠨ ᠤ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠬᠡᠷᠡᠭᠵᠢᠭᠦᠯᠬᠦ ᠲᠥᠰᠥᠯ︾ ᠢ ᠤᠯᠠᠮᠵᠢᠯᠠᠵᠤ᠂ ᠡᠭᠦᠳᠦᠨ ᠪᠠᠶᠢᠭᠤᠯᠬᠤ ᠠᠵᠢᠯ ᠤᠨ ᠪᠣᠳᠠᠲᠠᠢ ᠠᠭᠤᠯᠭ᠎ᠠ ᠪᠠ ᠡᠭᠦᠷᠭᠡ ᠬᠠᠷᠢᠭᠤᠴᠠᠯᠭ᠎ᠠ ᠶᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠪᠣᠯ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠪᠣᠳᠠᠲᠠᠢ ᠢᠯᠡᠷᠡᠯ ᠮᠥᠨ᠂ ᠰᠢᠨ᠎ᠡ ᠪᠠᠷᠭᠤ ᠪᠠᠷᠠᠭᠤᠨ ᠬᠤᠰᠢᠭᠤ ᠶᠢ ᠪᠦᠲᠦᠭᠡᠨ ᠪᠠᠶᠢᠭᠤᠯᠬᠤ ᠪᠠ ᠬᠥᠭᠵᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠣᠪᠣᠷ ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠰᠢᠯᠭᠠᠬᠤ ᠬᠦᠴᠦᠲᠡᠢ ᠭᠠᠷᠳᠠᠴᠠ ᠮᠥᠨ᠃ ᠪᠥᠬᠦ ᠬᠤᠰᠢᠭᠤᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠡᠭᠦᠳᠦᠨ ᠪᠠᠶᠢᠭᠤᠯᠬᠤ ᠠᠯᠬᠤᠴᠠ ᠪᠠᠨ ᠲᠦᠷᠭᠡᠳᠬᠡᠵᠦ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤᠨ ᠤ ᠢᠷᠠᠭᠤ ᠠᠯᠳᠠᠷ ᠢ ᠬᠦᠷᠲᠡᠬᠦ ᠪᠠᠷ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠪᠡ᠃      ᠪᠥᠬᠡᠪᠠᠶᠠᠷ ᠱᠠᠭᠠᠷᠳᠠᠬᠤ ᠳᠠᠭᠠᠨ᠂ ᠪᠦᠬᠦ ᠬᠤᠰᠢᠭᠤᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠭ ᠣᠨᠣᠪᠴᠢᠲᠠᠢ ᠪᠠᠷ ᠬᠦᠴᠦᠯᠡᠨ᠂ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠢ ᠦᠨᠡᠨᠬᠦ ᠪᠣᠳᠠᠲᠠᠢ ᠪᠥᠭᠡᠳ ᠨᠠᠷᠢᠯᠢᠭ ᠠᠳᠬᠤᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠪᠣᠳᠠᠰ ᠤᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ᠂ ᠡᠯ᠎ᠡ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠬᠦᠴᠦᠯᠡᠨ ᠪᠠᠶᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠷᠠᠭᠤᠯᠵᠤ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠳᠤ ᠣᠯᠣᠭᠰᠠᠨ ᠪᠣᠳᠠᠲᠤ ᠦᠷ᠎ᠡ ᠪᠦᠲᠦᠮᠵᠢ ᠪᠠᠷ ︽ᠦᠵᠡᠯᠲᠡ ᠲᠠᠨᠢᠯᠲᠠ ᠪᠠᠨ ᠬᠤᠪᠢᠷᠠᠭᠤᠯᠬᠤ᠂ ᠣᠪᠣᠷ ᠰᠤᠷᠲᠠᠯ ᠢᠶᠠᠨ ᠴᠢᠩᠭᠠᠳᠬᠠᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠨᠠᠶᠢᠳᠠᠪᠤᠷᠢᠵᠢᠭᠤᠯᠬᠤ ᠶᠢ ᠴᠢᠬᠤᠯᠠᠴᠢᠯᠠᠬᠤ᠂ ᠳᠦᠷᠢ ᠲᠥᠷᠬᠦ ᠶᠢ ᠪᠣᠶ ᠪᠣᠯᠭᠠᠬᠤ︾ ᠪᠣᠳᠠᠲᠤ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠬᠡᠷᠡᠭᠲᠡᠢ ᠭᠡᠵᠡᠢ᠃      ᠪᠥᠬᠡᠪᠠᠶᠠᠷ ᠴᠢᠬᠤᠯᠠᠴᠢᠯᠠᠬᠤ ᠳᠠᠭᠠᠨ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠪᠣᠯ ᠨᠢᠭᠡ ᠵᠦᠢᠯ ᠤᠨ ᠰᠢᠰᠲ᠋ᠧᠮᠲᠦ ᠴᠢᠨᠠᠷᠲᠠᠢ ᠢᠨᠵᠧᠨᠧᠷᠢᠩ ᠪᠣᠯᠣᠨ᠎ᠠ᠂ ᠬᠤᠯᠪᠣᠭᠳᠠᠬᠤ ᠬᠡᠪᠴᠢᠶ᠎ᠡ ᠥᠷᠭᠡᠨ᠂ ᠡᠭᠦᠷᠭᠡ ᠬᠦᠨᠳᠦ ᠪᠠᠶᠢᠵᠤ᠂ ᠪᠥᠬᠦ ᠬᠤᠰᠢᠭᠤᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠭᠦᠳᠦᠨ ᠪᠠᠶᠢᠭᠤᠯᠬᠤ ᠬᠠᠷᠠᠯᠲᠠ ᠪᠠᠨ ᠤᠷᠤᠭᠰᠢᠲᠠᠢ ᠪᠡᠶᠡᠯᠡᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠬᠠᠭᠤᠳᠠᠰᠤ ᠶᠢ ᠪᠥᠬᠦ ᠬᠦᠴᠦᠨ ᠢᠶᠠᠷ ᠢᠶᠠᠨ ᠪᠢᠴᠢᠭᠯᠡᠬᠦ ᠬᠡᠷᠡᠭᠲᠡᠢ ᠭᠡᠵᠡᠢ᠃      ᠯᠢ ᠵᠢᠶᠠᠨ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号