ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ︽ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ︾ ᠢ ᠰᠣᠷᠣᠯᠴᠠᠨ ᠲᠤᠭᠤᠰᠢᠯᠠᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ ᠳ᠋ᠢᠩ ᠰᠢᠦ ᠶᠠᠷᠢᠶ᠎ᠠ ᠲᠠᠯᠪᠢᠵᠤ ᠾᠧᠩ ᠰᠢᠶᠣᠣ ᠹᠠᠨ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2022/5/16
     5 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠤᠨ 2022 ᠣᠨ ᠤ ᠠᠩᠬᠠᠳᠤᠭᠠᠷ ᠤᠳᠠᠭ᠎ᠠ ᠶᠢᠨ ᠪᠦᠭᠦᠳᠡ ︵ᠥᠷᠭᠡᠳᠬᠡᠭᠰᠡᠨ︶ ᠬᠤᠷᠠᠯ ᠵᠢᠴᠢ ︽ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ︾ ᠢ ᠰᠣᠷᠣᠯᠴᠠᠨ ᠲᠤᠭᠤᠰᠢᠯᠠᠭᠤᠯᠬᠤ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠵᠠᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠢᠩ ᠰᠢᠦ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠣᠣ ᠹᠠᠨ ᠬᠤᠷᠠᠯ ᠢ ᠡᠷᠬᠢᠯᠡᠵᠡᠢ᠃      ᠳ᠋ᠢᠩ ᠰᠢᠦ ᠹᠧᠩ᠂ ᠪᠥᠬᠦ ᠣᠷᠣᠨ ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠣᠷᠣᠯᠴᠠᠨ ᠲᠤᠭᠤᠰᠢᠯᠠᠭᠤᠯᠵᠤ᠂ ᠠᠷᠠᠳ ᠲᠦᠮᠡᠨ ᠢ ᠳᠡᠭᠡᠳᠦᠯᠡᠬᠦ ᠦᠨᠳᠦᠰᠦᠨ ᠱᠠᠭᠠᠷᠳᠠᠯᠭ᠎ᠠ ᠶᠢ ᠢᠮᠠᠭᠲᠠ ᠪᠠᠷᠢᠮᠲᠠᠯᠠᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠵᠤ ᠳᠡᠭᠡᠭᠰᠢᠯᠡᠭᠦᠯᠦᠨ᠂ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠳ᠋ᠢᠩ ᠰᠢᠦ ᠹᠧᠩ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠠᠶᠢᠳᠠᠯ ᠡᠭᠦᠷᠭᠡ ᠶᠢ ᠣᠨᠣᠪᠴᠢᠲᠠᠢ ᠡᠵᠡᠮᠳᠡᠵᠦ᠂ ᠤᠳᠤᠷᠢᠳᠬᠤ ᠺᠠᠳ᠋ᠷ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ ᠪᠠᠷ ᠳᠣᠷᠣᠭᠰᠢ ᠪᠠᠭᠤᠵᠤ ᠰᠤᠷᠪᠤᠯᠵᠢᠯᠠᠬᠤ᠂ ᠬᠡᠷᠡᠭ ᠢ ᠳᠠᠭᠠᠭᠠᠴᠢᠯᠠᠬᠤ ᠪᠠ ᠣᠯᠠᠨ ᠲᠦᠮᠡᠨ ᠤ ᠵᠠᠬᠢᠳᠠᠯ ᠢ ᠤᠩᠰᠢᠨ ᠵᠥᠪᠰᠢᠶᠡᠷᠡᠬᠦ ᠠᠵᠢᠯ ᠤᠨ ᠲᠣᠭᠲᠠᠴᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ︽ᠳᠠᠪᠲᠠᠨ ᠰᠤᠷᠪᠤᠯᠵᠢᠯᠠᠬᠤ ᠶᠢ ᠵᠠᠰᠠᠬᠤ᠂ ᠳᠠᠷᠤᠭᠳᠠᠮᠠᠯ ᠬᠡᠷᠡᠭ ᠢ ᠰᠢᠢᠳᠪᠦᠷᠢᠯᠡᠬᠦ᠂ ᠲᠣᠭᠲᠠᠭᠤᠨ ᠢ ᠠᠬᠢᠭᠤᠯᠬᠤ︾ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ᠵᠥᠷᠢᠴᠡᠯ ᠠᠶᠤᠯ ᠲᠦᠭᠰᠢᠭᠦᠷᠢ ᠶᠢ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠣᠪᠤᠶᠢᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠮᠵᠢᠯᠴᠠᠭ᠎ᠠ ᠪᠠᠨ ᠴᠢᠩᠭᠠᠳᠬᠠᠨ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠦᠨ᠂ ᠡᠯ᠎ᠡ ᠵᠦᠢᠯ ᠤᠨ ᠡᠭᠦᠷᠭᠡ ᠪᠠᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠦᠨᠡᠨ ᠬᠦ ᠰᠠᠶᠢᠨ ᠰᠠᠶᠢᠬᠠᠨ ᠤᠯᠤᠰ ᠲᠥᠷᠥ ᠨᠡᠶᠢᠭᠡᠮ ᠤᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠨᠢ ᠸᠢᠳᠢᠣ᠋ ᠬᠡᠯᠪᠡᠷᠢ ᠪᠠᠷ ᠬᠤᠷᠠᠯᠳᠤᠵᠤ᠂ ᠬᠥᠬᠡᠬᠤᠲᠠ᠂ ᠤᠯᠠᠭᠠᠨᠬᠠᠳᠠ ᠬᠤᠲᠠ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号