ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠨᠠᠷᠢᠯᠢᠭ ᠣᠨᠣᠪᠴᠢᠲᠠᠶ ᠲᠦᠯᠬᠢᠨ | ᠠᠬᠢᠭᠤᠯᠬᠤ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ | ᠳᠠᠷᠤᠭ᠎ᠠ ᠤᠯᠠᠭᠠᠨᠲᠤᠶᠠᠭ᠎ᠠ ᠠᠯᠳ᠋ᠬᠠᠮᠡᠭᠡᠯ ᠪᠠᠯᠭᠠᠰᠤ ᠶᠢᠨ ᠵᠡᠭᠦᠨ ᠰᠦᠮ᠎ᠡ ᠡᠷᠡᠭᠦᠯ ᠬᠠᠮᠠᠭᠠᠯᠠᠯ ᠤᠨ ᠬᠤᠷᠢᠶ᠎ᠠ ᠪᠠ | ᠪᠠᠷᠠᠭᠤᠨ ᠰᠦᠮ᠎ᠡ ᠡᠷᠡᠭᠦᠯ ᠬᠠᠮᠠᠭᠠᠯᠠᠯ ᠤᠨ ᠬᠤᠷᠢᠶ᠎ᠠ ᠳᠤ ᠭᠦᠨᠵᠡᠭᠡᠶᠢᠷᠡᠨ ᠰᠢᠨ᠎ᠡ ᠲᠢᠳᠢᠮᠯᠢᠭ ᠸᠢᠷᠦ᠋ᠰ ᠤᠨ | ᠸᠠᠺᠼᠢᠨ ᠤ ᠲᠠᠷᠢᠯᠭ᠎ᠠ ᠶᠢᠨ ᠲᠤᠬᠠᠢ ᠶᠢᠨ ᠲᠠᠯᠠᠪᠤᠷ ᠤᠨ ᠲᠣᠬᠢᠷᠠᠭᠤᠯᠤᠯᠲᠠ ᠶᠢᠨ ᠬᠤᠷᠠᠯ ᠬᠢᠵᠦ᠂ ᠬᠠᠮᠢᠶ᠎ᠠ ᠪᠦᠬᠦᠢ | ᠠᠵᠢᠯ ᠳᠤ ᠴᠢᠭᠯᠡᠭᠦᠯᠦᠨ ᠳᠠᠬᠢᠨ ᠪᠠᠶᠢᠷᠢᠯᠠᠭᠤᠯᠵᠤ᠂ ᠳᠠᠬᠢᠨ ᠲᠣᠬᠢᠷᠠᠭᠤᠯᠤᠯᠲᠠ ᠬᠢᠪᠡ᠃ ᠪᠠᠯᠭᠠᠰᠤ ᠶᠢᠨ ᠵᠠᠰᠠᠭ ᠤᠨ | ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠪᠠᠯᠭᠠᠰᠤᠨ ᠳᠠᠷᠤᠭ᠎ᠠ ᠵᠢᠴᠢ ᠬᠤᠯᠪᠣᠭᠳᠠᠯ ᠪᠦᠬᠦᠢ ᠡᠷᠡᠭᠦᠯ | ᠬᠠᠮᠠᠭᠠᠯᠠᠯ ᠤᠨ ᠬᠤᠷᠢᠶ᠎ᠠ᠂ ᠭᠠᠴᠠᠭᠠᠨ ᠤ ᠬᠠᠷᠢᠭᠤᠴᠠᠯᠭᠠᠲᠠᠨ ᠪᠠᠷ᠎ᠠ ᠪᠣᠯᠪᠠ᠃ | | | | ᠬᠤᠷᠠᠯ ᠳᠤ᠂ ᠡᠯ᠎ᠡ ᠭᠠᠴᠠᠭᠠᠨ ᠤ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠭᠰᠡᠨ ᠲᠤᠭ᠎ᠠ | ᠪᠠᠷᠢᠮᠲᠠ ᠶᠢᠨ ᠪᠠᠶᠢᠳᠠᠯ ᠢ ᠮᠡᠳᠡᠭᠳᠡᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠬᠠᠭᠤᠯᠤᠨ ᠳᠠᠶᠢᠴᠢᠯᠠᠬᠤ ᠶᠢ | ᠴᠢᠩᠭᠠᠳᠬᠠᠵᠤ᠂ ᠲᠠᠶᠢᠯᠪᠤᠷᠢᠯᠠᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠨ᠂ ᠦᠵᠡᠯ ᠰᠠᠨᠠᠭᠠᠨ ᠤ | ᠠᠵᠢᠯ ᠢ ᠨᠢᠭᠡᠳ ᠨᠢᠭᠡ ᠪᠠᠷ ᠬᠢᠵᠦ᠂ ᠲᠦᠷᠦ ᠶᠢᠨ ᠪᠣᠳᠣᠯᠭ᠎ᠠ ᠶᠢ ᠭᠠᠵᠠᠷ ᠪᠣᠯᠭᠠᠨ ᠳᠤ ᠶᠠᠷᠢᠬᠤ ᠬᠡᠷᠡᠭᠲᠡᠢ᠃ ᠪᠦᠬᠦ | ᠲᠠᠯ᠎ᠠ ᠪᠠᠷ ᠨᠠᠷᠢᠨ ᠬᠢᠨᠠᠮᠠᠭᠠᠢ ᠪᠠᠶᠢᠴᠠᠭᠠᠵᠤ ᠣᠶᠢᠯᠠᠭᠠᠨ᠂ ᠡᠷᠴᠢᠮ ᠢ ᠰᠤᠯᠠᠷᠠᠭᠤᠯᠬᠤ ᠦᠭᠡᠢ᠂ ᠦᠷᠭᠦᠯᠵᠢᠯᠡᠨ | ᠠᠬᠢᠭᠤᠯᠵᠤ᠂ ᠬᠠᠷᠢᠭᠤᠴᠠᠯᠭ᠎ᠠ ᠶᠢ ᠡᠴᠦᠰ ᠲᠤᠨᠢ ᠲᠤᠯᠲᠠᠯ᠎ᠠ ᠨᠠᠶᠢᠳᠠᠪᠤᠷᠢᠵᠢᠭᠤᠯᠵᠤ᠂ ᠬᠦᠮᠦᠨ ᠠᠮᠠ ᠶᠢᠨ ᠰᠠᠭᠤᠷᠢ | ᠲᠤᠭ᠎ᠠ ᠶᠢ ᠲᠣᠳᠣᠷᠬᠠᠶᠢᠯᠠᠵᠤ᠂ ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠥᠨ ᠢ ᠴᠦ | ᠣᠷᠬᠢᠭᠳᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠠᠵᠢᠯ ᠤᠨ ᠠᠷᠭ᠎ᠠ ᠶᠢ ᠴᠢᠬᠤᠯᠠᠴᠢᠯᠠᠵᠤ᠂ ᠦᠢᠯᠡᠴᠢᠯᠡᠭᠡ | ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠭᠥᠯᠢᠶᠡᠨ ᠠᠪᠬᠤ ᠳᠤ ᠲᠣᠬᠢᠷᠠᠮᠵᠢᠲᠠᠢ ᠬᠠᠮᠲᠤᠯᠢᠭ ᠤᠨ ︽ᠭᠥᠯᠢᠶᠡᠨ | ᠠᠪᠬᠤ ᠶᠣᠰᠣᠲᠠᠢ ᠶᠢ ᠨᠢ ᠴᠥᠮ ᠭᠥᠯᠢᠶᠡᠨ ᠠᠪᠬᠤ︾ ᠶᠢ ᠬᠥᠮᠥᠡᠯᠢᠭ ᠴᠢᠨᠠᠷᠲᠠᠢ ᠪᠠᠷ ᠲᠦᠯᠬᠢᠨ ᠠᠬᠢᠭᠤᠯᠬᠤ | ᠬᠡᠷᠡᠭᠲᠡᠢ ᠭᠡᠵᠦ ᠱᠠᠭᠠᠷᠳᠠᠪᠠ᠃ | ᠬᠤᠷᠠᠯ ᠤᠨ ᠲᠠᠷᠠᠭ᠎ᠠ᠂ ᠤᠯᠠᠭᠠᠨᠲᠤᠶᠠᠭ᠎ᠠ ᠮᠠᠯᠵᠢᠬᠤ ᠡᠷᠤᠭᠡ ᠳᠤ ᠭᠦᠨᠵᠡᠭᠡᠶᠢᠷᠡᠨ᠂ ᠭᠠᠴᠠᠭᠠᠨ ᠤ ᠪᠦᠬᠦᠯᠢ 60 | ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠡᠷᠤᠬᠡ ᠳᠠᠷᠠᠭᠠᠯᠠᠨ ᠦᠵᠡᠯ ᠰᠠᠨᠠᠭᠠᠨ ᠤ ᠳᠠᠶᠢᠴᠢᠯᠠᠯᠲᠠ ᠬᠢᠵᠦ᠂ | ᠨᠠᠰᠤᠲᠠᠶᠢᠴᠤᠳ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠦᠨᠳᠦ ᠨᠣᠴᠢᠲᠠᠢ ᠴᠢᠨᠠᠷ ᠪᠠ | ᠸᠠᠺᠼᠢᠨ ᠤ ᠲᠠᠷᠢᠯᠭ᠎ᠠ ᠬᠢᠬᠦ ᠶᠢᠨ ᠴᠢᠬᠤᠯᠠ ᠴᠢᠨᠠᠷ ᠢ ᠤᠬᠠᠭᠤᠯᠵᠤ᠂ ᠨᠠᠰᠤᠲᠠᠶᠢᠴᠤᠳ ᠢ ᠬᠠᠪᠰᠤᠷᠤᠨ ᠪᠡᠶ᠎ᠡ ᠶᠢᠨ | ᠡᠷᠡᠭᠦᠯ ᠮᠡᠨᠳᠤ ᠶᠢᠨ ᠠᠮᠤᠷ ᠲᠦᠪᠰᠢᠨ ᠤ ᠤᠬᠠᠮᠰᠠᠷ ᠢ ᠨᠢ ᠳᠡᠭᠡᠭᠰᠢᠯᠡᠭᠦᠯᠵᠦ᠂ ᠰᠡᠳᠬᠢᠯ ᠤᠨ ᠡᠷᠡᠭᠡᠯᠵᠡᠭᠡ ᠶᠢ ᠨᠢ | ᠠᠷᠢᠯᠭᠠᠪᠠ᠃ | | | | ᠠᠯᠳ᠋ᠬᠠᠮᠡᠭᠡᠯ ᠪᠠᠯᠭᠠᠰᠤ ᠶᠢᠨ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠶᠠᠭ | ᠶᠠᠪᠤᠭᠳᠠᠵᠤ ᠪᠠᠶᠢᠭ᠎ᠠ ᠦᠶ᠎ᠡ ᠳᠤ᠂ ᠡᠯ᠎ᠡ ᠲᠥᠷᠥᠯ ᠤᠨ ᠬᠥᠮᠥᠰ ᠸᠠᠺᠼᠢᠨ ᠤ ᠲᠠᠷᠢᠯᠭ᠎ᠠ ᠶᠢᠨ ᠠᠵᠢᠯ ᠢ ᠦᠷᠭᠦᠯᠵᠢᠯᠡᠨ | ᠰᠠᠶᠢᠲᠤᠷ ᠬᠢᠵᠦ᠂ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠦᠨ᠂ ᠪᠥᠬᠦ | ᠪᠠᠯᠭᠠᠰᠤ ᠶᠢᠨ ᠲᠠᠷᠢᠯᠭ᠎ᠠ ᠶᠢᠨ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠵᠦ ᠪᠣᠢ᠃ | | |