5 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ | ᠬᠤᠷᠢᠶ᠎ᠠ ᠶᠢᠨ ᠬᠤᠶᠠᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠱᠦᠵᠢ ᠯᠢ ᠭᠤᠸᠠᠩ ᠬᠤᠰᠢᠭᠤᠨ ᠤ ᠨᠠᠮ ᠤᠨ | ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ 2022 ᠣᠨ ᠤ ᠠᠩᠬᠠᠳᠤᠭᠠᠷ ᠤᠳᠠᠭ᠎ᠠ ᠶᠢᠨ | ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ | ᠠᠵᠢᠯ ᠵᠢᠴᠢ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠳ᠋ᠦᠩᠨᠡᠯᠲᠡ ᠶᠢᠨ | ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ᠪᠠᠶᠢᠳᠠᠯ ᠢ ᠵᠠᠳᠠᠯᠤᠨ᠂ | ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠵᠠᠰᠠᠭ ᠤᠨ | ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠦᠷᠭᠡᠨ᠂ ᠰᠢᠭᠦᠬᠦ | ᠪᠠᠶᠢᠴᠠᠭᠠᠬᠤ ᠬᠤᠶᠠᠷ ᠬᠤᠷᠢᠶ᠎ᠠ ᠶᠢᠨ ᠳᠠᠷᠤᠭ᠎ᠠ ᠬᠤᠷᠠᠯ ᠳᠤ ᠣᠷᠣᠯᠴᠠᠪᠠ᠃ | ᠬᠤᠷᠠᠯ ᠳᠤ ︽ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ︿ᠤᠯᠤᠰ ᠲᠦᠷᠦ ᠬᠠᠤᠯᠢ | ᠴᠠᠭᠠᠵᠠ ᠶᠢᠨ ᠬᠦᠳᠡᠯᠦᠩᠭᠦᠢ ᠪᠠᠶᠢᠳᠠᠯ﹀ ︵4 ᠳ᠋ᠦ᠋ᠭᠡᠷ ᠬᠤᠭᠤᠴᠠᠭ᠎ᠠ︶︾ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠬᠤ ᠶᠢᠨ ᠬᠠᠮᠲᠤ᠂ ᠬᠤᠯᠪᠣᠭᠳᠠᠯ ᠪᠦᠬᠦᠢ ᠠᠵᠢᠯ ᠤᠨ ᠳᠦᠷᠢᠮ ᠢ ᠰᠤᠷᠤᠯᠴᠠᠪᠠ︔ ᠤᠯᠤᠰ ᠲᠦᠷᠦ ᠬᠠᠤᠯᠢ | ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ 2022 ᠣᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ | ᠵᠢᠴᠢ 1 ︱ 4 ᠰᠠᠷ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠪᠠ︔ ︽ᠰᠢᠨ᠎ᠡ ᠪᠠᠷᠭᠤ ᠪᠠᠷᠠᠭᠤᠨ | ᠬᠤᠰᠢᠭᠤᠨ ᠤ ᠰᠢᠨ᠎ᠡ ᠴᠠᠭ ᠦᠶ᠎ᠡ ᠶᠢᠨ ︿ᠲᠠᠯ᠎ᠠ ᠨᠤᠲᠤᠭ ᠤᠨ 110﹀ ᠬᠢᠯᠢ ᠶᠢᠨ ᠰᠡᠷᠭᠡᠶᠢᠯᠡᠨ ᠡᠵᠡᠮᠳᠡᠬᠦ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠪᠡ᠃ | ᠯᠢ ᠭᠤᠸᠠᠩ ᠱᠠᠭᠠᠷᠳᠠᠬᠤ ᠳᠠᠭᠠᠨ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ | ︽ᠲᠣᠭᠲᠠᠭᠤᠨ︾ ᠢ ᠲᠡᠷᠢᠭᠦᠨ ᠳᠤ ᠲᠠᠯᠪᠢᠬᠤ ᠶᠢ ᠤᠯᠠᠮ ᠴᠢᠨᠠᠭᠰᠢᠳᠠ ᠪᠠᠷᠢᠮᠲᠠᠯᠠᠨ᠂ ᠬᠤᠷᠢᠳᠤᠭᠠᠷ ᠶᠡᠭᠡ ᠬᠤᠷᠠᠯ ᠤᠨ | ᠠᠮᠤᠷ ᠢ ᠠᠮᠠᠭᠠᠶᠢᠯᠠᠬᠤ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ | ᠬᠢᠬᠦ ᠬᠡᠷᠡᠭᠲᠡᠢ︔ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ | ᠴᠡᠭ ᠤᠨ ᠬᠢᠷᠢ ᠲᠡᠩᠴᠡᠭᠰᠡᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ | ᠬᠢᠵᠦ᠂ ᠠᠷᠠᠳ ᠣᠯᠠᠨ ᠤ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠠᠵᠢᠯ ᠳᠤ ᠬᠠᠨᠤᠮᠵᠢᠲᠠᠶ ᠪᠠᠶᠢᠬᠤ | ᠬᠡᠮᠵᠢᠶ᠎ᠡ ᠶᠢ ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ︔ ︽ᠭᠡᠭᠡᠨ ᠰᠠᠷᠠᠭᠤᠯ ᠢᠨᠵᠧᠨᠧᠷᠢᠩ︾ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠬᠡᠷᠡᠭᠵᠢᠭᠦᠯᠵᠦ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠡᠷᠲᠡᠬᠡᠨ | ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ︔ ᠨᠠᠰᠤᠵᠢᠯ ᠤᠨ ᠮᠡᠬᠡᠯᠡᠯ ᠳᠤ | ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠵᠢᠯ | ᠲᠦᠷᠦᠯ ᠤᠨ ᠡᠮᠬᠢ ᠵᠠᠮᠪᠠᠷᠠᠭ᠎ᠠ ᠦᠭᠡᠢ ᠦᠵᠡᠭᠳᠡᠯ ᠢ ᠴᠡᠭᠴᠡᠯᠡᠨ ᠵᠠᠰᠠᠵᠤ᠂ ᠨᠡᠶᠢᠭᠡᠮ ᠤᠨ ᠣᠷᠴᠢᠨ ᠲᠣᠭᠤᠷᠢᠨ ᠢ | ᠴᠡᠪᠡᠷᠰᠢᠭᠦᠯᠬᠦ ᠬᠡᠷᠡᠭᠲᠡᠢ︔ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠪᠥᠬᠦ ᠲᠠᠯ᠎ᠠ ᠪᠠᠷ | ᠰᠢᠯᠢᠳᠡᠭᠵᠢᠭᠦᠯᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠨᠠᠩ ᠰᠠᠶᠢᠨ | ᠳᠡᠮᠵᠢᠬᠦ ᠬᠡᠷᠡᠭᠲᠡᠢ︔ ︽ᠮᠣᠩᠭᠤᠯ ᠭᠡᠷ ᠤᠨ ᠬᠠᠷᠠᠭᠤᠯ ᠤᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ | ᠦᠭᠡᠢ ᠴᠢᠩᠭᠠᠳᠬᠠᠵᠤ᠂ ᠨᠡᠶᠢᠭᠡᠮ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠥᠷᠭᠡᠳᠬᠡᠬᠦ ᠬᠡᠷᠡᠭᠲᠡᠢ ᠭᠡᠵᠡᠢ᠃ | ᠯᠢ ᠭᠤᠸᠠᠩ ᠪᠠᠰᠠ᠂ 2022 ᠣᠨ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ | ᠴᠢᠬᠤᠯᠠ ᠨᠢᠭᠡ ᠵᠢᠯ ᠪᠣᠯᠣᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ ᠮᠥᠨ᠂ ᠪᠥᠬᠦ | ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠪᠣᠯᠣᠨ ᠡᠯ᠎ᠡ ᠰᠤᠮᠤ ᠪᠠᠯᠭᠠᠰᠤ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠣᠭᠲᠠᠭᠤᠨ ᠣᠷᠴᠢᠨ ᠲᠣᠭᠤᠷᠢᠨ ᠢ ᠪᠣᠶ | ᠪᠣᠯᠭᠠᠬᠤ ᠭᠤᠣᠯ ᠱᠤᠭᠤᠮ ᠤᠨ ᠲᠣᠭᠤᠷᠢᠨ ᠳᠤ᠂ ᠶᠡᠭᠡ ᠲᠠᠯ᠎ᠠ ᠶᠢ ᠡᠷᠬᠢᠮᠯᠡᠨ᠂ ᠡᠭᠦᠷᠭᠡ ᠬᠠᠷᠢᠭᠤᠴᠠᠯᠭ᠎ᠠ ᠶᠢ | ᠡᠭᠦᠷᠭᠡᠯᠡᠵᠦ᠂ ᠴᠢᠨᠠᠷ ᠰᠠᠶᠢᠲᠠᠢ ᠤᠯᠤᠰ ᠲᠥᠷᠥ ᠬᠠᠤᠯᠢ ᠴᠠᠭᠠᠵᠠ ᠶᠢᠨ ᠠᠵᠢᠯ ᠢᠶᠠᠷ ᠪᠥᠬᠦ ᠬᠤᠰᠢᠭᠤᠨ ᠤ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠵᠦ᠂ ᠪᠥᠬᠦ ᠬᠤᠰᠢᠭᠤᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | | |