ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠪᠢᠴᠢᠭ ᠤᠨ ᠰᠢᠷᠡᠭᠡᠨ ᠤ ᠲᠠᠮᠢᠷ ᠤᠨ ᠤᠷᠤᠯᠳᠤᠭᠠᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2022/5/20
     ᠰᠤᠷᠤᠭᠴᠢᠳ ᠤᠨ ᠪᠡᠶ᠎ᠡ ᠮᠠᠬᠠᠪᠤᠳ ᠢ ᠴᠢᠬᠢᠷᠠᠭᠵᠢᠭᠤᠯᠵᠤ᠂ ᠪᠡᠶ᠎ᠡ ᠶᠢᠨ ᠲᠠᠮᠢᠷ ᠤᠨ ᠬᠦᠳᠡᠯᠭᠡᠭᠡᠨ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠵᠦ᠂ ᠰᠤᠷᠤᠭᠴᠢᠳ ᠤᠨ ᠶᠣᠰᠤ ᠰᠤᠷᠲᠠᠬᠤᠨ᠂ ᠤᠶᠤᠨ ᠤᠬᠠᠭᠠᠨ᠂ ᠪᠡᠶ᠎ᠡ ᠶᠢᠨ ᠲᠠᠮᠢᠷ ᠵᠡᠷᠭᠡ ᠭᠤᠸ᠎ᠠ ᠰᠠᠶᠢᠬᠠᠨ ᠵᠡᠷᠭᠡ ᠡᠯ᠎ᠡ ᠲᠠᠯ᠎ᠠ ᠶᠢᠨ ᠬᠦᠭᠵᠢᠯᠲᠡ ᠶᠢ ᠠᠬᠢᠭᠤᠯᠬᠤ ᠶᠢᠨ ᠲᠦᠯᠦᠭᠡ᠂ 5 ᠰᠠᠷ᠎ᠠ ᠶᠢᠨ 17 ᠤ ᠡᠳᠦᠷ᠂ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ︽ᠰᠢᠷᠡᠭᠡᠨ ᠪᠦᠵᠢᠭ ᠢᠶᠠᠨ ᠬᠦᠰᠡᠯ ᠵᠢᠭᠦᠷᠯᠡᠨ ᠳᠡᠭᠦᠯᠢᠶ᠎ᠡ︾ ᠭᠤᠣᠯ ᠰᠡᠳᠦᠪᠲᠦ ᠪᠢᠴᠢᠭ ᠤᠨ ᠰᠢᠷᠡᠭᠡᠨ ᠤ ᠲᠠᠮᠢᠷ ᠤᠨ ᠤᠷᠤᠯᠳᠤᠭᠠᠨ ᠶᠠᠪᠤᠭᠳᠠᠭᠤᠯᠪᠠ᠃      ᠤᠷᠤᠯᠳᠤᠭᠠᠨ ᠨᠢ ᠬᠤᠶᠠᠳᠤᠭᠠᠷ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠢ ᠳᠤ ᠶᠠᠪᠤᠭᠳᠠᠪᠠ᠃ ᠠᠶᠢᠵᠠᠮ ᠴᠣᠬᠢᠯᠭ᠎ᠠ ᠲᠡᠭᠦᠯᠳᠡᠷ ᠠᠷᠤ ᠦᠵᠡᠭᠳᠡᠯ ᠤᠨ ᠳᠠᠭᠤᠤ ᠬᠦᠭᠵᠢᠮ ᠤᠨ ᠠᠶᠠᠰ ᠳᠤᠮᠳᠠ᠂ ᠰᠤᠷᠭᠠᠭᠤᠯᠢ ᠶᠢᠨ 14 ᠠᠩᠭᠢ ᠨᠢᠭᠡᠴᠡ ︽ᠮᠣᠷᠢᠨ ᠪᠦᠵᠢᠭ︾ ︽ᠠᠷᠪᠠᠨ ᠬᠤᠶᠠᠷ ᠵᠢᠯ︾ ︽ᠳᠡᠭᠦᠯᠢᠵᠡᠭᠡᠶ᠎ᠡ᠂ ᠪᠠᠭᠠᠴᠤᠳ ᠡ︾ ︽ᠰᠢᠬᠢᠷ︾ ᠵᠡᠷᠭᠡ ︽ᠰᠢᠷᠡᠭᠡᠨ ᠪᠦᠵᠢᠭ︾ ᠢ ᠳᠡᠯᠭᠡᠨ ᠦᠵᠡᠭᠦᠯᠪᠡ᠃      ᠰᠤᠷᠤᠭᠴᠢᠳ ᠰᠠᠭᠤᠳᠠᠯ ᠳᠡᠭᠡᠷ᠎ᠡ ᠪᠠᠨ ᠪᠦᠵᠢᠭᠯᠡᠨ᠂ ᠲᠡᠳᠡᠨ ᠤ ᠦᠢᠯᠡ ᠬᠦᠳᠡᠯᠭᠡᠭᠡᠨ ᠨᠢᠭᠡᠳᠦᠯᠲᠡᠢ ᠵᠢᠴᠢ ᠳᠡᠷᠢ ᠲᠡᠭᠰᠢ᠂ ᠴᠤᠭ ᠵᠢᠪᠬᠤᠭ᠎ᠠ ᠪᠠᠳᠠᠷᠠᠩᠭᠤᠢ ᠪᠠᠶᠢᠳᠠᠯ ᠨᠢ ᠰᠤᠷᠭᠠᠭᠤᠯᠢ ᠶᠢᠨ ᠠᠮᠢᠳᠤᠷᠠᠯ ᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠣᠯᠭᠠᠵᠤ᠂ ᠰᠢᠷᠡᠭᠡᠨ ᠪᠦᠵᠢᠭ ᠨᠢ ᠰᠤᠷᠤᠭᠴᠢᠳ ᠲᠤ ᠢᠳᠡᠪᠬᠢᠲᠡᠢ ᠤᠷᠤᠭᠰᠢ ᠳᠠᠪᠰᠢᠬᠤ ᠡᠷᠴᠢ ᠬᠦᠴᠦᠨ ᠢ ᠣᠯᠭᠤᠵᠤ᠂ ᠰᠤᠷᠭᠠᠭᠤᠯᠢ ᠶᠢᠨ ᠬᠦᠷᠢᠶᠡᠨ ᠤ ᠠᠭᠤᠷ ᠠᠮᠢᠰᠬᠤᠯ ᠢ ᠨᠡᠩ ᠬᠦᠷ ᠬᠦᠭᠵᠢᠶᠡᠨ ᠲᠠᠢ ᠪᠣᠯᠭᠠᠭᠰᠠᠨ ᠪᠠᠶᠢᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号