ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠮᠥᠩᠬᠡ ᠰᠤᠪᠠᠭ︾ APP ᠶᠢ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2022/5/20
     ︽ᠮᠥᠩᠬᠡ ᠰᠤᠪᠠᠭ︾ APP ᠶᠢ ᠤᠬᠠᠭᠤᠯᠤᠨ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ ᠣᠯᠠᠨ ᠲᠦᠮᠡᠨ ᠳᠤ ︽ᠮᠥᠩᠬᠡ ᠰᠤᠪᠠᠭ︾ APP ᠶᠢᠨ ᠳᠦᠭᠦᠮ ᠲᠦᠳᠡ ᠴᠢᠨᠠᠷ ᠪᠠ ᠬᠡᠷᠡᠭᠯᠡᠭᠡᠨ ᠤ ᠴᠢᠨᠠᠷ ᠢ ᠨᠡᠩ ᠰᠠᠶᠢᠨ ᠣᠶᠢᠯᠠᠭᠠᠭᠤᠯᠬᠤ ᠶᠢᠨ ᠲᠦᠯᠦᠭᠡ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢᠭᠡᠳᠦᠯᠲᠡᠢ ᠲᠦᠯᠦᠪᠯᠡᠨ ᠲᠣᠬᠢᠷᠠᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ᠂ ᠨᠦᠯᠦᠭᠡᠯᠡᠬᠦ ᠬᠦᠷᠢᠶ᠎ᠡ ᠬᠡᠪᠴᠢᠶ᠎ᠡ ᠶᠢ ᠦᠷᠭᠡᠳᠬᠡᠵᠦ᠂ ᠮᠡᠳᠡᠴᠡ ᠶᠢᠨ ᠬᠡᠮᠵᠢᠶ᠎ᠡ ᠶᠢ ᠳᠡᠭᠡᠭᠰᠢᠯᠡᠭᠦᠯᠪᠡ᠃
     ᠰᠡᠭᠡᠭᠡᠲᠡᠨ ᠠᠭᠤᠳᠠᠮ ᠲᠠᠯᠠᠪᠠᠢ ᠳᠤ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠺᠠᠳ᠋ᠷ ᠠᠵᠢᠯᠲᠠᠨ ᠦᠷᠭᠡᠨ ᠣᠯᠠᠨ ᠰᠠᠭᠤᠭᠠᠯᠢ ᠠᠷᠠᠳ ᠲᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠨ᠂ ᠣᠯᠠᠨ ᠲᠦᠮᠡᠨ ᠳᠤ ︽ᠮᠥᠩᠬᠡ ᠰᠤᠪᠠᠭ︾ APP ᠶᠢ ᠬᠡᠷᠬᠢᠨ ᠤᠭᠰᠠᠷᠠᠨ ᠬᠡᠷᠡᠭᠯᠡᠬᠦ ᠪᠠ ᠡᠯ᠎ᠡ ᠵᠦᠢᠯ ᠤᠨ ᠴᠢᠳᠠᠮᠵᠢ ᠶᠢ ᠬᠡᠷᠬᠢᠨ ᠬᠡᠷᠡᠭᠯᠡᠬᠦ ᠲᠤᠬᠠᠢ ᠲᠠᠶᠢᠯᠪᠤᠷᠢᠯᠠᠨ᠂ ᠣᠯᠠᠨ ᠲᠦᠮᠡᠨ ᠤ ᠲᠠᠨᠢᠯᠲᠠ ᠶᠢ ᠳᠡᠭᠡᠭᠰᠢᠯᠡᠭᠦᠯᠪᠡ᠃      ᠣᠶᠢᠯᠠᠭᠠᠭᠰᠠᠨ ᠢᠶᠠᠷ᠂ ︽ᠮᠥᠩᠬᠡ ᠰᠤᠪᠠᠭ︾ APP ᠪᠣᠯ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠨᠡᠭᠡᠭᠡᠭᠰᠡᠨ ᠪᠦᠬᠦ ᠣᠷᠣᠨ ᠤ ᠨᠢᠭᠡ ᠴᠣᠭᠴᠠᠵᠢᠭᠰᠠᠨ ᠰᠦᠯᠵᠢᠶᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠠᠶᠢᠵᠤ᠂ ᠦᠷᠭᠡᠨ ᠣᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠭᠦᠢᠴᠡᠳᠬᠡᠬᠦ ᠳᠤ ︽ᠨᠢᠭᠡ ᠦᠷᠲᠡᠭᠡ ᠮᠠᠶ᠋ᠢᠭ︾ ᠢᠶᠠᠷ ᠰᠦᠯᠵᠢᠶᠡᠨ ᠳᠡᠭᠡᠷ᠎ᠡ ᠠᠰᠠᠭᠤᠨ ᠯᠠᠪᠯᠠᠬᠤ᠂ ᠪᠣᠯᠵᠤᠬᠤ᠂ ᠭᠦᠢᠴᠡᠳᠬᠡᠬᠦ᠂ ᠦᠨᠡᠯᠡᠬᠦ ᠪᠦᠬᠦ ᠶᠠᠪᠤᠴᠠ ᠪᠠᠷ ᠰᠦᠯᠵᠢᠶᠡᠨ ᠳᠡᠭᠡᠷ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠳᠠᠭ᠃
     ᠣᠳᠣᠬᠠᠨ ᠳᠤ ᠮᠠᠨ ᠤ ᠬᠤᠰᠢᠭᠤᠨ ᠤ ︽ᠮᠥᠩᠬᠡ ᠰᠤᠪᠠᠭ︾ APP ᠶᠢᠨ ᠬᠠᠮᠤᠷᠬᠤ ᠬᠡᠪᠴᠢᠶ᠎ᠡ ᠪᠠ ᠳᠡᠯᠭᠡᠷᠡᠭᠦᠯᠬᠦ ᠨᠤᠷᠮ᠎ᠠ ᠶᠡᠬᠡᠪᠡᠷ ᠳᠡᠭᠡᠭᠰᠢᠯᠡᠵᠦ᠂ ᠪᠦᠬᠦ ᠬᠤᠰᠢᠭᠤᠨ ᠳᠤ ᠳᠠᠩᠰᠠᠯᠠᠭᠤᠯᠤᠭᠰᠠᠨ ᠬᠦᠮᠦᠨ ᠤ ᠲᠤᠭ᠎ᠠ 15457 ᠪᠣᠯᠵᠤ᠂ ᠳᠠᠩᠰᠠᠯᠠᠭᠤᠯᠤᠭᠰᠠᠨ ᠨᠤᠷᠮ᠎ᠠ 40% ᠳᠤ ᠬᠦᠷᠴᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ︽ᠢᠨᠲ᠋ᠧᠷ ᠰᠦᠯᠵᠢᠶ᠎ᠡ +︾ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠂ ︽ᠮᠦᠩᠬᠡ ᠰᠤᠪᠠᠭ︾ ᠨᠢ ᠣᠯᠠᠨ ᠲᠦᠮᠡᠨ ᠳᠤ ᠦᠨᠡᠨᠬᠦ ᠳᠦᠭᠦᠮ ᠦᠵᠡᠭᠦᠯᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号