ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠳ ᠤᠨ ᠪᠦᠬᠦᠳᠡ ᠬᠤᠷᠠᠯ ᠬᠤᠷᠠᠯᠳᠤᠪᠠ ᠬᠦᠦᠳᠠᠭᠤᠯᠠ ᠶᠠᠷᠢᠶ᠎ᠠ ᠲᠠᠯᠪᠢᠵᠤ ᠴᠢ᠊ ᠪᠠᠲᠤ ᠬᠤᠷᠠᠯ ᠢ ᠡᠷᠬᠢᠯᠡᠵᠠᠢ
ᠨᠡᠶᠢᠲᠡᠯᠡᠭᠰᠡᠨ ᠴᠠᠭ᠄
2022/5/23
     5 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠳ ᠤᠨ ᠪᠥᠬᠦᠳᠡ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠢ ᠡᠷᠬᠢᠯᠡᠪᠡ᠃      ᠬᠦᠦᠳᠠᠭᠤᠯᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠳᠡᠷᠡᠳᠡᠯ᠎ᠠ ᠣᠶᠢᠯᠠᠭᠠᠬᠤ ᠬᠡᠷᠡᠭᠲᠡᠢ︔ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ ᠬᠦᠴᠦᠨ ᠢᠶᠠᠨ ᠨᠢᠭᠡᠳᠬᠡᠨ᠂ ᠬᠡᠯᠪᠡᠷᠢ ᠲᠠᠢ ᠲᠥᠷᠥᠭᠳᠡᠯ ᠲᠠᠢ ᠪᠦᠲᠦᠮᠵᠢᠲᠡᠢ ᠪᠠᠶᠢᠬᠤ᠂ ᠭᠦᠨᠵᠡᠭᠡᠢ ᠪᠦᠭᠡᠳ ᠨᠠᠷᠢᠯᠢᠭ ᠪᠣᠳᠠᠲᠠᠢ ᠬᠢᠬᠦ ᠳᠡᠭᠡᠷ᠎ᠡ ᠬᠦᠴᠦ ᠲᠠᠯᠪᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠢ︔ ᠬᠤᠷᠢᠭ᠎ᠠ ᠱᠤᠭᠤᠮ ᠢ ᠪᠠᠲᠤ ᠰᠠᠬᠢᠵᠤ᠂ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ ᠭᠡᠮ ᠢ ᠰᠡᠷᠭᠡᠶᠢᠯᠡᠨ ᠨᠠᠮᠳᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ︔ ᠨᠠᠮ ᠤᠨ ᠦᠨᠳᠦᠰᠦᠲᠡᠨ ᠤ ᠠᠵᠢᠯ ᠳᠠᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠦᠴᠦ ᠪᠠᠨ ᠨᠢᠭᠡᠳᠬᠡᠨ ᠬᠠᠮᠵᠢᠯᠴᠠᠬᠤ᠂ ᠵᠡᠷᠭᠡ ᠳᠤ ᠨᠢ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠰᠢᠨ᠎ᠡ ᠴᠠᠭ ᠦᠶ᠎ᠡ ᠶᠢᠨ ᠮᠠᠨ ᠤ ᠣᠷᠣᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃      ᠴᠢ᠊ ᠪᠠᠲᠤ ᠱᠠᠭᠠᠷᠳᠠᠭᠰᠠᠨ ᠨᠢ᠂ ᠡᠯ᠎ᠡ ᠭᠡᠰᠢᠭᠦᠨ ᠨᠢᠭᠡᠴᠢ ᠪᠣᠯᠣᠨ ᠲᠤᠰᠢᠶᠠᠯ ᠬᠠᠪᠰᠤᠷᠭᠠᠭᠰᠠᠨ ᠭᠡᠰᠢᠭᠦᠳ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠᠨ ᠳᠡᠭᠡᠭᠰᠢᠯᠡᠭᠦᠯᠬᠦ ᠲᠠᠯ᠎ᠠ ᠪᠠᠷ ᠪᠣᠳᠠᠲᠠᠢ ᠬᠦᠴᠦ ᠴᠢᠷᠮᠠᠶᠢᠯᠠᠭ᠎ᠠ ᠭᠠᠷᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠠᠯ᠎ᠠ ᠪᠠᠷ ᠪᠣᠳᠠᠲᠠᠢ ᠠᠷᠭ᠎ᠠ ᠬᠡᠮᠵᠢᠶ᠎ᠡ ᠠᠪᠴᠤ ᠪᠣᠳᠠᠲᠠᠢ ᠦᠷ᠎ᠡ ᠪᠦᠲᠦᠮᠵᠢ ᠣᠯᠵᠤ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠤ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠠᠯ᠎ᠠ ᠪᠠᠷ ᠰᠢᠨ᠎ᠡ ᠶᠢ ᠡᠭᠦᠳᠬᠦ ᠶᠢ ᠴᠢᠬᠤᠯᠠᠴᠢᠯᠠᠵᠤ ᠨᠡᠶᠢᠯᠡᠮᠡᠯ ᠬᠦᠴᠦᠨ ᠢ ᠲᠦᠪᠯᠡᠷᠡᠭᠦᠯᠦᠨ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠡᠢ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ 5 ᠭᠡᠰᠢᠭᠦᠨ ᠨᠢᠭᠡᠴᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠲᠤᠰᠢᠶᠠᠯ ᠪᠠᠨ ᠭᠦᠢᠴᠡᠳᠬᠡᠬᠦ ᠦᠭᠡ ᠬᠡᠯᠡᠪᠡ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号