ᠪᠥᠬᠦ ᠣᠷᠣᠨ ᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠪᠠ ᠴᠢ᠊ ᠪᠠᠲᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/5/24
     5 ᠰᠠᠷ᠎ᠠ ᠶᠢᠨ 20 ᠤ ᠡᠳᠦᠷ᠂ ᠪᠦᠬᠦ ᠣᠷᠣᠨ ᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠤᠨ ᠲᠧᠯᠸᠢᠰ ᠤᠲᠠᠰᠤ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ ᠣᠳᠣᠬᠠᠨ ᠤ ᠮᠠᠨ ᠤ ᠣᠷᠣᠨ ᠤ ᠠᠵᠢᠯ ᠣᠯᠭᠤᠯᠲᠠ ᠶᠢᠨ ᠪᠠᠶᠢᠳᠠᠯ ᠢ ᠭᠦᠨᠵᠡᠭᠡᠶ ᠵᠠᠳᠠᠯᠵᠤ᠂ ᠪᠥᠬᠦ ᠣᠷᠣᠨ ᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ ᠰᠠᠶᠢᠳᠤᠷ ᠬᠢᠬᠦ ᠲᠤᠬᠠᠢ ᠲᠣᠬᠢᠷᠠᠭᠤᠯᠤᠨ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠮᠠᠨ ᠤ ᠣᠷᠣᠨ ᠤ ᠠᠵᠢᠯ ᠣᠯᠭᠤᠯᠲᠠ ᠶᠢᠨ ᠠᠵᠢᠯ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠭᠦᠶ᠋ᠴᠡᠳ ᠲᠠᠨᠢᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ ᠦᠨᠡᠨ ᠬᠦ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠨᠠᠩ ᠥᠨᠳᠥᠷ ᠵᠣᠭᠰᠣᠴᠠ᠂ ᠨᠠᠩ ᠶᠡᠭᠡ ᠡᠷᠴᠢᠮ᠂ ᠨᠠᠩ ᠪᠣᠳᠠᠲᠠᠶ ᠠᠷᠭ᠎ᠠ ᠬᠡᠮᠵᠢᠶ᠎ᠡ᠂ ᠨᠠᠩ ᠴᠢᠩᠭ᠎ᠠ ᠱᠠᠭᠠᠷᠳᠠᠯᠭ᠎ᠠ ᠪᠠᠷ ᠦᠷᠭᠦᠯᠵᠢᠯᠡᠨ ᠬᠦᠴᠦᠯᠡᠵᠦ ᠠᠵᠢᠯ ᠣᠯᠭᠤᠯᠲᠠ ᠶᠢᠨ ᠠᠵᠢᠯ ᠢ ᠠᠬᠢᠭᠤᠯᠵᠤ᠂ ᠵᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠶ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠤᠨ ᠪᠠᠶᠢᠷᠢ ᠶᠢᠨ ᠬᠠᠩᠭᠠᠯᠭ᠎ᠠ ᠶᠢ ᠲᠣᠭᠲᠠᠪᠤᠷᠢᠵᠢᠭᠤᠯᠤᠨ ᠥᠷᠭᠡᠳᠭᠡᠵᠦ᠂ ᠠᠵᠢᠯ ᠦᠢᠯᠡᠳᠪᠦᠷᠢᠯᠡᠯ ᠢᠶᠠᠨ ᠲᠦᠷᠭᠡᠳᠭᠡᠨ ᠰᠡᠷᠭᠦᠭᠡᠵᠦ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠠᠵᠢᠯ ᠣᠯᠭᠤᠯᠲᠠ ᠶᠢ ᠪᠠᠲᠤᠯᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ ᠠᠵᠢᠯ ᠣᠯᠭᠤᠯᠲᠠ ᠶᠢ ᠥᠷᠭᠡᠳᠭᠡᠵᠦ᠂ ᠦᠢᠯᠡᠰ ᠪᠤᠰᠬᠠᠬᠤ ᠪᠠᠷ ᠲᠠᠶᠢᠴᠢᠯᠠᠨ ᠠᠵᠢᠯ ᠣᠯᠭᠤᠯᠲᠠ ᠶᠢ ᠨᠡᠮᠡᠭᠳᠡᠭᠦᠯᠬᠦ ᠬᠡᠷᠡᠭᠲᠡᠶ᠃ ᠠᠷᠭ᠎ᠠ ᠪᠦᠬᠦᠨ ᠢ ᠰᠦᠪᠡᠭᠴᠢᠯᠡᠨ ᠭᠤᠤᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠭᠤᠤᠯᠳᠠᠯᠭ᠎ᠠ ᠶᠢᠨ ᠲᠤᠳᠤᠷᠠᠬᠢ ᠭᠤᠤᠯᠳᠠᠯᠭ᠎ᠠ ᠪᠣᠯᠭᠠᠵᠤ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠳ ᠢ ᠰᠢᠯᠵᠢᠭᠦᠯᠦᠨ ᠠᠵᠢᠯ ᠣᠯᠭᠤᠬᠤ ᠠᠷᠭ᠎ᠠ ᠵᠠᠮ ᠢ ᠥᠷᠭᠡᠳᠭᠡᠵᠦ᠂ ᠠᠵᠢᠯ ᠤᠯᠬᠤ ᠳᠤ ᠬᠦᠴᠢᠷᠲᠡᠶ ᠬᠥᠮᠦᠰ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠠᠵᠢᠯ ᠣᠯᠭᠤᠯᠲᠠ ᠶᠢᠨ ᠦᠶ᠋ᠯᠡᠴᠢᠯᠡᠭᠡ ᠶᠢ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠵᠤ᠂ ᠠᠵᠢᠯᠲᠠᠨ ᠡᠯᠰᠡᠬᠦ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠳᠡᠢ᠃ ᠠᠵᠢᠯ ᠠᠯᠳᠠᠭᠰᠠᠳ ᠤᠨ ᠦᠨᠳᠦᠰᠦᠨ ᠵᠦᠢᠯ ᠢ ᠪᠠᠲᠤᠯᠠᠬᠤ ᠶᠢ ᠦᠨᠡᠨ ᠬᠦ ᠴᠢᠩᠭᠠᠳᠬᠠᠵᠤ᠂ ᠠᠵᠢᠯ ᠠᠯᠳᠠᠭᠰᠠᠳ ᠤᠨ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃      ᠬᠤᠷᠠᠯ ᠠᠴᠠ᠂ ᠡᠯ᠎ᠡ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠣᠰ ᠭᠠᠵᠠᠷ ᠣᠷᠣᠨ ᠤ ᠪᠠᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠡᠭᠦᠷᠭᠡᠯᠡᠵᠦ᠂ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠪᠣᠳᠠᠲᠠᠶ ᠠᠳᠬᠤᠵᠤ ᠰᠠᠶᠢᠲᠤᠷ ᠠᠳᠬᠤᠵᠤ᠂ ᠠᠵᠢᠯ ᠣᠯᠭᠤᠯᠲᠠ ᠶᠢᠨ ᠪᠠᠶᠢᠳᠠᠯ ᠤᠨ ᠲᠦᠷᠭᠡᠨ ᠰᠠᠶᠢᠵᠢᠷᠠᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠥᠬᠦ ᠵᠢᠯ ᠤᠨ ᠠᠵᠢᠯ ᠣᠯᠭᠤᠯᠲᠠ ᠶᠢᠨ ᠬᠠᠷᠠᠯᠲᠠ ᠪᠠᠨ ᠴᠢᠷᠮᠠᠶᠢᠨ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号