5 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠥᠬᠡᠪᠠᠶᠠᠷ ᠳᠤᠮᠳᠠᠳᠤ | ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ | ᠬᠤᠷᠢᠶ᠎ᠠ ᠶᠢᠨ 33 ᠳ᠋ᠤᠭᠠᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠯᠢ | ᠭᠤᠸᠠᠩ ᠵᠡᠷᠭᠡ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠨ ᠯᠦᠩ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠳᠠᠰᠢᠵᠠᠮᠰᠤ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠭᠤᠣᠯ | ᠤᠳᠤᠷᠢᠳᠬᠤ ᠨᠥᠬᠦᠳ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︾ | ᠂ ︽ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠢᠳᠡᠭᠡᠨ ᠤ ᠠᠮᠤᠷ ᠲᠦᠪᠰᠢᠨ ᠤ ᠠᠵᠢᠯ ᠢ ᠴᠢᠩᠭᠠᠳᠬᠠᠬᠤ ᠲᠤᠬᠠᠢ | ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾᠂ ︽ᠣᠷᠣᠨ ᠨᠤᠲᠤᠭ ᠤᠨ ᠨᠠᠮ | ᠵᠠᠰᠠᠭ ᠤᠨ ᠤᠳᠤᠷᠢᠳᠬᠤ ᠺᠠᠳ᠋ᠷ ᠤᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ | ᠲᠣᠭᠲᠠᠭᠠᠯ︾ ᠵᠡᠷᠭᠡ ᠤᠳᠤᠷᠢᠳᠤᠯᠭ᠎ᠠ ᠶᠢᠨ ᠴᠣᠬᠤᠯᠠᠪᠤᠷᠢ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠪᠠ᠃ | | | | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠠᠵᠢᠯ ᠳᠤ ᠴᠢᠭᠯᠡᠭᠦᠯᠦᠨ᠂ ᠪᠥᠬᠡᠪᠠᠶᠠᠷ᠂ | ᠴᠢᠬᠤᠯᠠ ᠵᠠᠮ ᠬᠠᠷᠢᠯᠴᠠᠭᠠᠨ ᠤ ᠠᠭᠤᠯᠵᠠᠷ ᠪᠣᠭᠤᠮᠲᠠ ᠶᠢ ᠴᠢᠩᠭ᠎ᠠ ᠰᠠᠬᠢᠵᠤ᠂ ᠲᠤᠰᠠᠭᠠᠷᠯᠠᠬᠤ ᠲᠠᠯᠠᠪᠤᠷ ᠤᠨ | ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ | ᠴᠢᠳᠠᠪᠤᠷᠢ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠬᠥᠮᠥᠨ ᠤᠯᠠᠨ ᠴᠤᠭᠯᠠᠷᠠᠭᠰᠠᠨ ᠲᠠᠯᠠᠪᠤᠷ ᠭᠠᠵᠠᠷ ᠢ | ᠰᠡᠷᠭᠡᠶᠢᠯᠡᠨ ᠡᠵᠡᠮᠳᠡᠬᠦ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠨ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ︽ᠪᠣᠯᠣᠳ ᠬᠡᠷᠡᠮ ᠪᠣᠯᠣᠳ ᠬᠠᠨ᠎ᠠ︾ ᠶᠢ ᠪᠠᠶᠢᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ᠂ | ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ | ᠤᠭᠲᠤᠬᠤ ᠬᠡᠷᠡᠭᠲᠡᠢ ᠭᠡᠵᠦ ᠱᠠᠭᠠᠷᠳᠠᠪᠠ᠃ | ᠪᠥᠬᠡᠪᠠᠶᠠᠷ᠂ ᠶᠡᠷᠦᠩᠬᠡᠢ ᠱᠦᠵᠢ ᠰᠢ ᠶᠢᠨ ᠫᠢᠩ ᠤᠨ ᠢᠳᠡᠭᠡᠨ ᠤ ᠠᠮᠤᠷ ᠲᠦᠪᠰᠢᠨ ᠤ ᠠᠵᠢᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠪᠦᠬᠦ ᠶᠠᠪᠤᠴᠠ ᠶᠢᠨ ᠵᠠᠰᠠᠯᠲᠠ ᠶᠢ | ᠴᠢᠩᠭᠠᠳᠬᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠵᠤ᠂ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ | ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ︾ ᠶᠢ ᠪᠠᠷᠢᠮᠲᠠᠯᠠᠵᠤ᠂ | ᠢᠳᠡᠭᠡᠨ ᠤ ᠠᠮᠤᠷ ᠲᠦᠪᠰᠢᠨ ᠢ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠰᠠᠶᠢᠨ ᠰᠠᠶᠢᠬᠠᠨ | ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠠᠷᠤᠮᠠᠯᠯᠠᠨ | ᠲᠠᠷᠬᠠᠭᠠᠭᠰᠠᠨ ︽ᠰᠢᠨ᠎ᠡ ᠴᠠᠭ ᠦᠶ᠎ᠡ ᠳᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠬᠡᠷᠡᠭᠵᠢᠭᠦᠯᠬᠦ ᠲᠥᠰᠥᠯ︾ ᠤᠨ ᠮᠡᠳᠡᠭᠳᠡᠯ ᠤᠨ ᠵᠣᠷᠢᠭ ᠰᠠᠨᠠᠭ᠎ᠠ ᠵᠢᠴᠢ ᠬᠥᠯᠥᠨ ᠪᠤᠶᠢᠷ | ᠬᠤᠳᠠ ᠶᠢᠨ ᠨᠠᠮ ᠤᠨ ᠬᠤᠷᠢᠶ᠎ᠠ ᠠᠴᠠ ᠳᠠᠷᠤᠮᠠᠯᠯᠠᠨ ᠲᠠᠷᠬᠠᠭᠠᠭᠰᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠵᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠤᠨ ᠵᠣᠷᠢᠭ ᠰᠠᠨᠠᠭ᠎ᠠ ᠶᠢ ᠤᠯᠠᠮᠵᠢᠯᠠᠵᠤ᠂ | ᠦᠵᠡᠯ ᠰᠠᠨᠠᠭ᠎ᠠ ᠤᠯᠤᠰ ᠲᠦᠷᠦ᠂ ᠦᠨᠳᠦᠰᠦᠲᠡᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠪᠠ᠃ | ᠪᠥᠬᠡᠪᠠᠶᠠᠷ ᠴᠢᠬᠤᠯᠠᠴᠢᠯᠠᠬᠤ ᠳᠠᠭᠠᠨ᠂ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠨ᠂ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠬᠠᠭᠤᠯᠬᠤ ᠠᠷᠭ᠎ᠠ ᠬᠡᠯᠪᠡᠷᠢ ᠶᠢᠨ | ᠰᠢᠨ᠎ᠡ ᠶᠢ ᠡᠭᠦᠳᠴᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠨᠠᠮ ᠤᠨ ᠬᠤᠷᠢᠶ᠎ᠠ ᠨᠢᠭᠡᠳᠦᠯᠲᠡᠢ | ᠤᠳᠤᠷᠢᠳᠬᠤ᠂ ᠨᠠᠮ ᠵᠠᠰᠠᠭ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ᠂ ᠤᠬᠠᠭᠤᠯᠬᠤ ᠰᠠᠯᠠᠭ᠎ᠠ ᠮᠥᠴᠢᠷ ᠵᠣᠬᠢᠶᠠᠨ | ᠪᠠᠶᠢᠭᠤᠯᠤᠨ ᠵᠣᠬᠢᠴᠠᠭᠤᠯᠬᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠠᠷᠠᠳ ᠤᠨ ᠪᠦᠯᠬᠦᠮ ᠠᠵᠢᠯ | ᠬᠤᠪᠢᠶᠠᠷᠢᠯᠠᠨ ᠬᠠᠷᠢᠭᠤᠴᠠᠵᠤ ᠬᠠᠮᠲᠤᠪᠠᠷ ᠣᠷᠤᠯᠴᠠᠬᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠶᠡᠭᠡ | ᠪᠠᠶᠢᠷᠢᠰᠢᠯ ᠢ ᠲᠡᠭᠦᠯᠳᠡᠷᠵᠢᠭᠦᠯᠵᠦ᠂ ᠰᠢᠨ᠎ᠡ ᠴᠠᠭ ᠦᠶ᠎ᠡ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ | ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠦᠷᠨᠢᠭᠦᠯᠬᠦ ᠬᠡᠷᠡᠭᠲᠡᠢ᠃ ᠦᠨᠳᠦᠰᠦᠲᠡᠨ ᠤ ᠠᠵᠢᠯ ᠳᠠᠬᠢ ᠨᠠᠮ ᠤᠨ ᠪᠦᠬᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ | ᠭᠤᠣᠯ ᠱᠤᠭᠤᠮ ᠲᠠᠢ ᠨᠢᠭᠲᠠ ᠤᠶᠠᠯᠳᠤᠭᠤᠯᠵᠤ᠂ ᠬᠠᠮᠲᠤᠪᠠᠷ ᠴᠡᠴᠡᠭᠯᠡᠨ ᠬᠥᠭᠵᠢᠬᠦ ᠪᠣᠳᠠᠰ ᠤᠨ ᠰᠠᠭᠤᠷᠢ ᠶᠢ | ᠪᠠᠬᠢᠵᠢᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠤ ᠬᠦᠷᠢᠶᠡᠨ ᠤ ᠠᠶᠤᠯ | ᠲᠦᠭᠰᠢᠭᠦᠷᠢ ᠶᠢᠨ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠬᠢᠯᠢ ᠬᠢᠵᠠᠭᠠᠷ ᠢ ᠲᠣᠭᠲᠠᠪᠤᠷᠢᠵᠢᠭᠤᠯᠤᠨ | ᠪᠠᠬᠢᠵᠢᠭᠦᠯᠵᠦ ᠬᠥᠭᠵᠢᠭᠦᠯᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠦᠴᠦ ᠰᠡᠳᠬᠢᠯ ᠨᠢᠭᠡᠳᠦᠨ᠂ ᠰᠢᠨ᠎ᠡ ᠴᠠᠭ | ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠡᠢ᠃ | | |