ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠨᠠᠷᠠᠰᠤ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ
ᠨᠡᠶᠢᠲᠡᠯᠡᠭᠰᠡᠨ ᠴᠠᠭ᠄
2022/5/26
     5 ᠰᠠᠷ᠎ᠠ ᠶᠢᠨ 23 ︱ 24 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠨᠠᠷᠠᠰᠤ ᠲᠦᠷᠦᠭᠦᠲᠡᠢ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠳᠤ ᠢᠷᠡᠵᠦ᠂ ︽ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠬᠦ ᠪᠠ ᠠᠰᠢᠭᠯᠠᠬᠤ︾ ︽︿ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ﹀ ᠪᠠᠷ ᠭᠤᠣᠯᠯᠠᠭᠤᠯᠤᠨ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠵᠤ᠂ ᠬᠥᠯᠥᠨ ᠪᠤᠶᠢᠷ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠳᠤ ᠬᠦᠴᠦ ᠨᠡᠮᠡᠷᠢᠯᠡᠬᠦ︾ ︽ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠢ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ︾ ᠵᠡᠷᠭᠡ ᠵᠥᠪᠯᠡᠬᠦ ᠰᠡᠳᠦᠪ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠳᠠᠰᠢᠵᠠᠮᠰᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠪᠠᠢ ᠴᠦᠨ ᠮᠧᠶ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠸᠠᠩ ᠰᠢᠶᠣᠣ ᠹᠧᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠠᠯᠮᠠᠰ᠂ ᠶᠢᠨ ᠷᠦᠩ ᠨᠠᠷ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
     ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠨᠠᠷᠠᠰᠤ ᠵᠡᠷᠭᠡ ᠬᠦᠮᠦᠰ ᠬᠡᠷᠦᠯᠦᠨ ᠰᠤᠮᠤ ᠶᠢᠨ ᠮᠠᠩᠯᠠᠢ ᠭᠠᠴᠠᠭ᠎ᠠ᠂ ᠬᠤᠰᠢᠭᠤᠨ ᠤ ᠲᠦᠭᠡᠭᠡᠯ ᠤᠰᠤᠨ ᠤ ᠦᠢᠯᠡᠳᠪᠦᠷᠢ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠥᠪ ᠵᠡᠷᠭᠡ ᠭᠠᠵᠠᠷ ᠢᠶᠠᠷ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠵᠦ᠂ ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠢᠨᠵᠧᠨᠧᠷᠢᠩ ᠤᠨ ᠠᠵᠢᠯᠯᠠᠭᠠᠨ ᠤ ᠪᠠᠶᠢᠳᠠᠯ ᠢ ᠨᠠᠷᠢᠯᠢᠭ ᠣᠶᠢᠯᠠᠭᠠᠬᠤ ᠶᠢᠨ ᠬᠠᠮᠲᠤ᠂ ᠨᠠᠮ ᠵᠠᠰᠠᠭ ᠤᠨ ᠠᠵᠢᠯᠯᠠᠬᠤ ᠠᠰᠠᠷ ᠤᠨ ᠲᠠᠪᠤᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ ᠰᠠᠭᠤᠳᠠᠯ ᠤᠨ ᠬᠤᠷᠠᠯ ᠬᠤᠷᠠᠯᠳᠤᠭᠤᠯᠵᠤ᠂ ᠬᠠᠮᠢᠶ᠎ᠠ ᠪᠦᠬᠦᠢ ᠠᠵᠢᠯ ᠥᠷᠨᠢᠭᠦᠯᠦᠭᠰᠡᠨ ᠪᠠᠶᠢᠳᠠᠯ ᠢ ᠰᠣᠨᠣᠰᠴᠠᠢ᠃
     ᠨᠠᠷᠠᠰᠤ᠂ ︽ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠬᠦ ᠪᠠ ᠠᠰᠢᠭᠯᠠᠬᠤ︾ ᠶᠢ ᠭᠦᠨᠵᠡᠭᠡᠢ ᠲᠦᠯᠬᠢᠨ ᠠᠬᠢᠭᠤᠯᠬᠤ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠮᠢᠳᠤᠯᠢᠭ ᠦᠢᠯᠡᠳᠦᠯᠭᠡ ᠮᠥᠨ᠂ ᠰᠢᠨ᠎ᠡ ᠪᠠᠷᠭᠤ ᠪᠠᠷᠠᠭᠤᠨ ᠬᠤᠰᠢᠭᠤ ᠤᠰᠤᠨ ᠤ ᠡᠬᠢ ᠪᠠᠶᠠᠯᠢᠭ ᠤᠨ ᠲᠤᠬᠠᠢ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠬᠦ ᠪᠠ ᠠᠰᠢᠭᠯᠠᠬᠤ ᠶᠢ ᠪᠥᠬᠦ ᠲᠠᠯ᠎ᠠ ᠪᠠᠷ ᠠᠬᠢᠭᠤᠯᠵᠤ᠂ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠨᠠᠩ ᠶᠡᠭᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃
     ︽︿ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ﹀ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠵᠤ᠂ ᠬᠥᠯᠥᠨ ᠪᠤᠶᠢᠷ ᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠳᠤ ᠬᠦᠴᠦ ᠨᠡᠮᠡᠷᠢᠯᠡᠬᠦ︾ ᠵᠥᠪᠯᠡᠬᠦ ᠵᠦᠢᠯ ᠤᠨ ᠲᠤᠬᠠᠢ ᠨᠠᠷᠠᠰᠤ ᠱᠠᠭᠠᠷᠳᠠᠬᠤ ᠳᠠᠭᠠᠨ᠂ ᠰᠢᠨ᠎ᠡ ᠪᠠᠷᠭᠤ ᠪᠠᠷᠠᠭᠤᠨ ᠬᠤᠰᠢᠭᠤ ᠲᠤᠷᠰᠢᠯᠭ᠎ᠠ ᠠᠷᠭ᠎ᠠ ᠪᠠᠷᠢᠯ ᠢᠶᠠᠨ ᠤᠯᠠᠮ ᠴᠢᠨᠠᠭᠰᠢᠳᠠ ᠳ᠋ᠦᠩᠨᠡᠨ᠂ ᠣᠷᠣᠰᠢᠵᠤ ᠪᠠᠶᠢᠭ᠎ᠠ ᠠᠰᠠᠭᠤᠳᠠᠯ ᠢ ᠡᠮᠬᠢᠯᠡᠵᠦ᠂ ᠨᠠᠩ ᠣᠯᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ︾ ᠵᠢᠷᠤᠮᠵᠢᠭᠰᠠᠨ ᠬᠠᠮᠢᠶᠠᠷᠤᠯᠲᠠ ᠳᠤ ᠣᠷᠣᠭᠤᠯᠤᠨ᠂ ᠨᠠᠩ ᠣᠯᠠᠨ ᠣᠯᠠᠨ ᠲᠦᠮᠡᠨ ᠳᠤ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ︾ ᠡᠯ᠎ᠡ ᠵᠦᠢᠯ ᠤᠨ ᠭᠦᠢᠴᠡᠳᠬᠡᠬᠦ ᠵᠦᠢᠯᠡᠰ ᠤᠨ ᠴᠤᠪᠤᠷᠠᠯ ᠢ ᠲᠦᠭᠡᠮᠡᠯᠵᠢᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠠᠷᠠᠳᠴᠢᠯᠠᠯ ᠢᠶᠠᠷ ᠬᠢᠨᠠᠯᠲᠠ ᠲᠠᠯᠪᠢᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠲᠠᠰ ᠳᠡᠪᠰᠢᠭᠰᠡᠨ ᠬᠡᠪ ᠵᠠᠭᠪᠤᠷ ᠢ ᠲᠦᠷᠭᠡᠪᠴᠢᠯᠡᠨ ᠪᠣᠶ ᠪᠣᠯᠭᠠᠵᠤ᠂ ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠤᠯᠤᠰ ᠲᠥᠷᠥ ᠶᠢᠨ ᠠᠮᠢ ᠠᠬᠤᠢ ᠶᠢ ᠴᠡᠪᠡᠷᠰᠢᠭᠦᠯᠬᠦ ᠪᠠᠬᠢᠯᠡᠯᠲᠡ ᠰᠢᠪᠲᠤᠯᠬᠤ ᠲᠡᠶᠢᠨ ᠤ ᠢᠯᠠᠯᠲᠠ ᠶᠢ ᠣᠯᠬᠤ ᠳᠤ ᠬᠦᠴᠦᠨ ᠨᠡᠮᠡᠷᠢᠯᠡᠬᠦ ᠳᠤ ᠤᠯᠤᠰ ᠲᠥᠷᠥ ᠶᠢᠨ ᠵᠥᠪᠯᠡᠯᠭᠡᠨ ᠤ ᠣᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃
     ᠨᠠᠷᠠᠰᠤ᠂ ᠥᠪᠡᠷᠲᠡᠭᠡᠨ ᠵᠠᠰᠠᠬᠤ ᠣᠷᠣᠨ ᠠᠴᠠ ᠰᠢᠨ᠎ᠡ ᠪᠠᠷᠭᠤ ᠪᠠᠷᠠᠭᠤᠨ ᠬᠤᠰᠢᠭᠤ ᠶᠢ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠬᠤᠰᠢᠭᠤ ᠪᠠᠷ ᠲᠣᠭᠲᠠᠭᠠᠭᠰᠠᠨ ᠠᠴᠠ ᠨᠠᠰᠢ᠂ ᠴᠢᠳᠠᠪᠬᠢ ᠶᠢᠨ ᠪᠠᠶᠢᠷᠢ ᠲᠣᠭᠲᠠᠭᠠᠯᠲᠠ᠂ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ᠂ ᠣᠳᠣᠬᠢᠴᠢᠯᠠᠭᠰᠠᠨ ᠮᠠᠯ ᠠᠵᠤ ᠠᠬᠤᠢ ᠶᠢᠨ ᠬᠥᠭᠵᠢᠯᠲᠡ᠂ ᠮᠠᠯᠴᠢᠳ ᠤᠨ ᠠᠮᠢᠳᠤᠷᠠᠯ ᠤᠨ ᠰᠠᠶᠢᠵᠢᠷᠠᠯᠲᠠ ᠵᠡᠷᠭᠡ ᠭᠤᠷᠪᠠᠨ ᠲᠦᠷᠦᠯ ᠳᠤ ᠬᠠᠮᠲᠤᠪᠠᠷ ᠠᠰᠢᠭ ᠬᠦᠷᠳᠡᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢ ᠤᠷᠢᠳᠠᠪᠠᠷ ᠪᠣᠳᠣᠯᠬᠢᠯᠠᠨ᠂ ᠪᠣᠬᠢᠷᠳᠤᠯ ᠦᠭᠡᠢ ᠬᠦᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠠᠯᠭᠤᠷ ᠠᠭᠠᠵᠢᠮ ᠢᠶᠠᠷ ᠠᠯᠬᠤᠵᠠᠢ᠃ ᠲᠠᠷᠠᠭᠠᠴᠢ ᠶᠢᠨ ᠠᠯᠬᠤᠮ ᠳᠤ᠂ ᠰᠢᠨ᠎ᠡ ᠪᠠᠷᠭᠤ ᠪᠠᠷᠠᠭᠤᠨ ᠬᠤᠰᠢᠭᠤ ᠲᠤᠭ᠎ᠠ ᠬᠡᠮᠵᠢᠶ᠎ᠡ ᠴᠢᠨᠠᠷ ᠴᠢᠨᠰᠠᠭ᠎ᠠ ᠶᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠷ᠎ᠡ ᠪᠦᠲᠦᠭᠡᠯ ᠤᠨ ᠪᠣᠯᠪᠠᠰᠤᠷᠠᠭᠤᠯᠤᠯᠲᠠ ᠶᠢ ᠲᠡᠭᠦᠯᠳᠡᠷᠵᠢᠭᠦᠯᠵᠦ᠂ ᠬᠠᠷᠠᠯᠲᠠ ᠡᠭᠦᠷᠭᠡ ᠪᠠᠨ ᠲᠣᠳᠣᠷᠬᠠᠶᠢᠯᠠᠨ᠂ ᠳᠡᠭᠡᠷ᠎ᠡ ᠳᠣᠣᠷ᠎ᠠ ᠱᠠᠲᠤ ᠪᠠᠷ ᠢᠶᠠᠨ ᠰᠡᠳᠬᠢᠯ ᠨᠢᠭᠡᠳᠦᠨ ᠪᠦᠯᠬᠦᠮᠳᠡᠨ ᠨᠢᠭᠡᠳᠴᠦ᠂ ᠨᠢᠭᠡᠨ ᠵᠢᠷᠤᠭ ᠲᠥᠰᠥᠪ ᠢ ᠣᠷᠳᠣ ᠬᠤᠭᠤᠴᠠᠭ᠎ᠠ ᠪᠠᠷ ᠡᠴᠦᠰ ᠲᠤᠨᠢ ᠲᠤᠯᠲᠠᠯ᠎ᠠ ᠵᠢᠷᠤᠭᠯᠠᠬᠤ ᠬᠡᠷᠡᠭᠲᠡᠢ ᠭᠡᠵᠢ ᠴᠢᠬᠤᠯᠠᠴᠢᠯᠠᠪᠠ᠃      ᠬᠤᠷᠠᠯ ᠳᠡᠭᠡᠷ᠎ᠡ᠂ ᠨᠠᠷᠠᠰᠤ ᠪᠠᠰᠠ ᠮᠠᠨ ᠤ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠠᠵᠢᠯ ᠤᠨ ᠦᠷᠲᠡᠭᠡ ᠶᠢᠨ ᠬᠤᠯᠪᠣᠭᠳᠠᠯ ᠪᠦᠬᠦᠢ ᠶᠠᠪᠤᠳᠠᠯ ᠤᠨ ᠲᠠᠯ᠎ᠠ ᠪᠠᠷ ᠵᠢᠯᠤᠭᠤᠳᠬᠤ ᠰᠠᠨᠠᠯ ᠳᠤᠷᠠᠳᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号