5 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠥᠬᠡᠪᠠᠶᠠᠷ ᠬᠤᠰᠢᠭᠤᠨ ᠤ | ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠳᠣᠯᠣᠳᠤᠭᠠᠷ ᠤᠳᠠᠭᠠᠨ ᠤ | ᠰᠤᠷᠤᠯᠴᠠᠯᠭ᠎ᠠ ᠶᠢᠨ ᠬᠤᠷᠠᠯ ᠵᠢᠴᠢ ︽ᠦᠵᠡᠯᠲᠡ ᠪᠠᠨ ᠬᠤᠪᠢᠷᠠᠭᠤᠯᠤᠨ᠂ ᠣᠪᠣᠷ ᠰᠤᠷᠲᠠᠯ ᠢ ᠴᠢᠩᠭᠠᠳᠬᠠᠵᠤ᠂ ᠣᠷᠴᠢᠨ | ᠲᠣᠭᠤᠷᠢᠨ ᠢ ᠰᠢᠯᠢᠳᠡᠭᠵᠢᠭᠦᠯᠦᠨ᠂ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠵᠤ᠂ ᠳᠦᠷᠢ ᠲᠥᠷᠬᠦ ᠶᠢ ᠪᠤᠢ ᠪᠣᠯᠭᠠᠬᠤ︾ | ᠰᠤᠷᠤᠯᠴᠠᠯᠭ᠎ᠠ ᠦᠢᠯᠡᠳᠦᠯᠭᠡ ᠶᠢᠨ ᠠᠵᠢᠯᠯᠠᠭ᠎ᠠ ᠶᠢᠨ ᠳᠥᠷᠪᠡᠳᠦᠭᠡᠷ ᠤᠳᠠᠭᠠᠨ ᠤ ᠲᠥᠪᠯᠡᠷᠡᠩᠭᠦᠢ ᠰᠤᠷᠤᠯᠴᠠᠯᠭ᠎ᠠ ᠶᠢᠨ | ᠬᠤᠷᠠᠯ ᠢ ᠡᠷᠭᠢᠯᠡᠨ ᠬᠤᠷᠠᠯᠳᠤᠭᠤᠯᠪᠠ᠃ ᠴᠧᠨ ᠯᠦᠩ᠂ ᠳᠠᠰᠢᠵᠠᠮᠰᠤ᠂ ᠯᠢ ᠭᠤᠸᠠᠩ ᠵᠡᠷᠭᠡ ᠲᠦᠷᠪᠡᠨ ᠶᠡᠭᠡ | ᠤᠳᠤᠷᠢᠳᠬᠤ ᠪᠠᠭ ᠤᠨ ᠤᠳᠤᠷᠢᠳᠤᠯᠭ᠎ᠠ ᠰᠤᠷᠤᠯᠴᠠᠯᠭ᠎ᠠ ᠳᠤ ᠣᠷᠣᠯᠴᠠᠪᠠ᠃ | ᠬᠤᠷᠠᠯ ᠠᠴᠠ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠵᠤ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ | ᠲᠡᠮᠡᠴᠡᠨ ᠣᠯᠣᠶ᠎ᠠ ︱ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ | ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷᠡᠬᠢ ᠢᠯᠡᠳᠬᠡᠯ︾ ︽ᠶᠡᠷᠦᠩᠬᠡᠢ ᠱᠦᠵᠢ ᠰᠢ ᠶᠢᠨ ᠫᠢᠩ ᠤᠨ | 2021 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠥᠪ ᠤᠨ ᠨᠠᠮ ᠤᠨ | ᠰᠤᠷᠭᠠᠭᠤᠯᠢ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ | ᠳᠡᠭᠡᠷᠡᠬᠢ ᠴᠢᠬᠤᠯᠠ ᠶᠠᠷᠢᠶ᠎ᠠ︾ ︽2021 ᠣᠨ ᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ︾ ᠵᠡᠷᠭᠡ | ᠪᠢᠴᠢᠭ ᠮᠠᠲ᠋ᠧᠷᠢᠶᠠᠯ ᠢ ᠤᠯᠠᠮᠵᠢᠯᠠᠨ ᠰᠤᠷᠤᠯᠴᠠᠪᠠ᠃ | ᠪᠥᠬᠡᠪᠠᠶᠠᠷ ᠴᠢᠬᠤᠯᠠᠴᠢᠯᠠᠬᠤ ᠳᠠᠭᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠬᠤᠯᠠ ᠠᠴᠢ ᠬᠤᠯᠪᠣᠭᠳᠠᠯ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠰᠢᠨ᠎ᠡ ᠠᠶᠠᠨ ᠤ ᠲᠡᠦᠬᠡᠨ ᠱᠠᠲᠤ ᠦᠶ᠎ᠡ ᠪᠣᠯᠣᠨ ᠨᠠᠮ ᠢ | ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠤᠨ ᠴᠣ ᠰᠢᠨ᠎ᠡ ᠱᠠᠭᠠᠷᠳᠠᠯᠭ᠎ᠠ ᠶᠢ ᠭᠦᠨᠵᠡᠭᠡᠢ ᠲᠠᠨᠢᠵᠤ᠂ ︽ᠦᠵᠡᠯᠲᠡ ᠪᠠᠨ | ᠬᠤᠪᠢᠷᠠᠭᠤᠯᠵᠤ᠂ ᠣᠪᠣᠷ ᠰᠤᠷᠲᠠᠯ ᠢ ᠴᠢᠩᠭᠠᠳᠬᠠᠵᠤ᠂ ᠣᠷᠴᠢᠨ ᠲᠣᠭᠤᠷᠢᠨ ᠢ ᠰᠢᠯᠢᠳᠡᠭᠵᠢᠭᠦᠯᠦᠨ᠂ | ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠵᠤ᠂ ᠳᠦᠷᠢ ᠲᠥᠷᠬᠦ ᠶᠢ ᠪᠤᠢ ᠪᠣᠯᠭᠠᠬᠤ︾ ᠰᠤᠷᠤᠯᠴᠠᠯᠭ᠎ᠠ | ᠦᠢᠯᠡᠳᠦᠯᠭᠡ ᠶᠢᠨ ᠠᠵᠢᠯᠯᠠᠭ᠎ᠠ ᠶᠢ ᠰᠠᠶᠢᠲᠤᠷ ᠠᠳᠬᠤᠵᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ | ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠠᠵᠢᠯ ᠢ ᠰᠠᠶᠢᠲᠤᠷ | ᠥᠷᠨᠢᠭᠦᠯᠵᠦ᠂ ᠪᠥᠬᠦ ᠬᠤᠰᠢᠭᠤᠨ ᠤ ᠤᠳᠤᠷᠢᠳᠬᠤ ᠺᠠᠳ᠋ᠷᠴᠤᠳ ᠤᠨ ᠠᠵᠢᠯ ᠤᠨ ᠬᠢᠷᠢ ᠲᠦᠪᠰᠢᠨ ᠪᠠ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠢ᠃ ᠵᠠᠯᠠᠭᠤ ᠺᠠᠳ᠋ᠷᠴᠤᠳ ᠤᠨ ᠦᠵᠡᠯ ᠰᠠᠨᠠᠭᠠᠨ ᠤ ᠪᠣᠯᠪᠠᠰᠤᠷᠠᠯ᠂ ᠤᠯᠤᠰ ᠲᠦᠷᠦ ᠶᠢᠨ | ᠪᠣᠯᠪᠠᠰᠤᠷᠠᠯ᠂ ᠦᠢᠯᠡᠳᠦᠯᠭᠡ ᠶᠢᠨ ᠪᠣᠯᠪᠠᠰᠤᠷᠠᠯ᠂ ᠲᠤᠰᠬᠠᠢ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠨᠡᠩ ᠤᠯᠠᠨ | ᠵᠠᠯᠠᠭᠤ ᠺᠠᠳ᠋ᠷᠴᠤᠳ ᠢ ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢᠨ ᠶᠠᠪᠤᠴᠠ ᠳᠤ ᠲᠤᠯᠭᠠᠭᠤᠷᠢ ᠬᠦᠴᠦᠨ ᠪᠣᠯᠭᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠢ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠨᠡᠶᠢᠳᠡᠮ ᠳᠤᠨᠢ ᠬᠠᠷᠠᠭᠠᠯᠵᠠᠵᠤ᠂ | ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ︽ᠲᠠᠪᠤᠨ ᠶᠡᠭᠡ ᠠᠵᠢᠯᠯᠠᠭᠠᠨ ᠤ | ᠲᠥᠯᠥᠪᠯᠡᠭᠡ︾ ᠶᠢ ᠲᠤᠤᠱᠯᠠᠭᠤᠯᠤᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ | ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠮᠠᠨ ᠤ ᠬᠤᠰᠢᠭᠤᠨ ᠤ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ | ᠭᠡᠵᠡᠢ᠃ | ᠪᠥᠬᠡᠪᠠᠶᠠᠷ ᠪᠠᠰᠠ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠨ᠂ ᠬᠥᠭᠵᠢᠯᠲᠡ ᠪᠠ ᠠᠮᠤᠷ ᠲᠦᠪᠰᠢᠨ ᠢ | ᠨᠢᠭᠡᠳᠦᠯᠲᠡᠢ ᠲᠥᠯᠥᠪᠵᠢᠭᠦᠯᠵᠦ᠂ ᠲᠣᠭᠲᠠᠭᠤᠨ ᠢᠶᠠᠷ ᠬᠥᠭᠵᠢᠬᠦ ᠰᠢᠨ᠎ᠡ ᠪᠠᠶᠢᠳᠠᠯ ᠢ ᠦᠷᠭᠦᠯᠵᠢᠯᠡᠨ ᠪᠠᠶᠢᠭᠤᠯᠵᠤ᠂ | ᠤᠯᠤᠰ ᠤᠨ ᠠᠮᠤᠷ ᠲᠦᠪᠰᠢᠨ ᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠦᠵᠡᠯ | ᠰᠠᠨᠠᠭ᠎ᠠ ᠲᠠᠨᠢᠯᠲᠠ ᠪᠠᠨ ᠴᠢᠩᠭᠠᠳᠬᠠᠨ᠂ ᠵᠣᠭᠰᠣᠴᠠ ᠪᠠᠨ ᠳᠡᠭᠡᠭᠰᠢᠯᠡᠭᠦᠯᠵᠦ᠂ ᠬᠤᠯᠪᠤᠭᠠᠯᠠᠨ ᠬᠥᠳᠡᠯᠦᠯᠴᠡᠵᠦ | ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶᠢᠷᠡᠭᠦᠯᠦᠨ᠂ ᠲᠣᠭᠤᠷᠢᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ ︽ᠬᠠᠮ | ᠠᠷᠭ᠎ᠠ ᠪᠣᠳᠣᠯᠭ᠎ᠠ︾ ᠶᠢ ᠰᠠᠶᠢᠲᠤᠷ ᠬᠡᠷᠡᠭᠯᠡᠵᠦ᠂ ᠥᠭᠡᠷᠡᠴᠢᠯᠡᠯᠲᠡ ᠶᠢ ᠠᠬᠢᠭᠤᠯᠤᠨ᠂ ᠬᠥᠭᠵᠢᠯᠲᠡ ᠶᠢ ᠠᠬᠢᠭᠤᠯᠬᠤ | ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ | ᠬᠥᠭᠵᠢᠯᠲᠡ ᠶᠢᠨ ᠳᠣᠲᠣᠭᠠᠳᠤ ᠬᠦᠳᠡᠯᠭᠡᠬᠦ ᠬᠦᠴᠦᠨ ᠢ ᠴᠢᠩᠭᠠᠳᠬᠠᠬᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ | ᠶᠣᠰᠣᠭᠠᠷ ᠵᠠᠰᠠᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠬᠤᠳᠠ ᠶᠢᠨ ᠬᠡᠪᠴᠢᠶᠡᠨ ᠤ ᠨᠡᠶᠢᠭᠡᠮ ᠤᠨ | ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ | ᠦᠨᠳᠦᠰᠦᠨ ᠱᠠᠲᠤᠨ ᠤ ᠵᠥᠪᠯᠡᠬᠦ ᠠᠷᠠᠳᠴᠢᠯᠠᠯ ᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠢ ᠰᠠᠶᠢᠲᠤᠷ ᠬᠢᠵᠦ ᠨᠠᠷᠢᠯᠢᠭ ᠬᠢᠵᠦ ᠯᠠᠪᠳᠠᠭᠤᠨ ᠪᠠᠲᠤᠲᠠᠢ ᠬᠢᠬᠦ ᠬᠡᠷᠡᠭᠲᠡᠢ ᠭᠡᠵᠦ | ᠱᠠᠭᠠᠷᠳᠠᠪᠠ᠃ | | |