ᠮᠠᠨ ᠤ ᠬᠤᠰᠢᠭᠤ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/27
     ᠣᠶᠢᠷ᠎ᠠ ᠶᠢᠨ ᠡᠳᠦᠷ᠂ ᠨᠠᠮ ᠵᠠᠰᠠᠭ ᠤᠨ ᠠᠵᠢᠯᠯᠠᠬᠤ ᠠᠰᠠᠷ ᠤᠨ ᠲᠠᠪᠤᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ᠂ ᠪᠦᠬᠦ ᠬᠤᠰᠢᠭᠤᠨ ᠤ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠪᠠᠢ ᠴᠦᠨ ᠮᠸᠢ ᠬᠤᠷᠠᠯ ᠳᠤ ᠣᠷᠣᠯᠴᠠᠬᠤ ᠶᠢᠨ ᠬᠠᠮᠲᠤ᠂ ᠳᠠᠷᠠᠭᠠᠴᠢ ᠶᠢᠨ ᠠᠯᠬᠤᠮ ᠤᠨ ᠠᠵᠢᠯ ᠤᠳ ᠢ ᠪᠠᠶᠢᠷᠢᠯᠠᠭᠤᠯᠪᠠ᠃ ᠡᠯ᠎ᠡ ᠰᠣᠮᠣ ᠪᠠᠯᠭᠠᠰᠤ᠂ ᠬᠤᠰᠢᠭᠤᠨ ᠤ ᠡᠯ᠎ᠡ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠭᠤᠣᠯ ᠤᠳᠤᠷᠢᠳᠤᠯᠭ᠎ᠠ ᠬᠤᠷᠠᠯ ᠳᠤ ᠣᠷᠣᠯᠴᠠᠪᠠ᠃
   ᠬᠤᠷᠠᠯ ᠠᠴᠠ ᠡᠯ᠎ᠡ ᠰᠤᠮᠤ ᠪᠠᠯᠭᠠᠰᠤ ᠶᠢᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠠᠵᠢᠯ ᠲᠦᠷᠦᠯ ᠤᠨ ᠰᠠᠯᠠᠭ᠎ᠠ ᠮᠥᠴᠢᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠢ ᠰᠣᠨᠣᠰᠴᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠨᠠᠷᠢᠯᠢᠭ ᠲᠠᠶᠢᠯᠤᠮᠵᠢ ᠬᠢᠪᠡ᠃
     ᠪᠠᠢ ᠴᠦᠨ ᠮᠧᠢ᠂ ᠡᠯ᠎ᠡ ᠰᠤᠮᠤ ᠪᠠᠯᠭᠠᠰᠤ ᠪᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠪᠠᠶᠢᠴᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠪᠢᠴᠢᠭ ᠤᠨ ᠲᠠᠩᠰᠠ ᠡᠪᠬᠡᠮᠡᠯ ᠢ ᠳ᠋ᠦᠩᠨᠡᠨ ᠬᠤᠷᠢᠶᠠᠩᠭᠤᠶᠢᠯᠠᠬᠤ᠂ ᠡᠮᠬᠢᠳᠬᠡᠨ ᠲᠡᠭᠦᠯᠳᠡᠷᠵᠢᠭᠦᠯᠬᠦ ᠠᠵᠢᠯ ᠢ ᠰᠠᠶᠢᠲᠤᠷ ᠬᠢᠵᠦ᠂ ᠠᠵᠢᠯ ᠤᠨ ᠡᠭᠦᠷᠭᠡ ᠪᠠᠨ ᠴᠠᠭ ᠲᠤᠬᠠᠢ ᠳᠤᠨᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ︔ ᠡᠯ᠎ᠡ ᠰᠤᠮᠤ ᠪᠠᠯᠭᠠᠰᠤ ᠶᠢᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠭᠤᠣᠯᠳᠠᠯᠭ᠎ᠠ ᠲᠠᠢ ᠠᠵᠢᠯ ᠢ ᠴᠢᠩᠭ᠎ᠠ ᠠᠳᠬᠤᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠢᠳᠡᠪᠬᠢᠲᠡᠢ ᠠᠬᠢᠭᠤᠯᠵᠤ᠂ ᠲᠦᠷᠦᠯ ᠵᠦᠢᠯ ᠢ ᠬᠥᠮᠥᠷᠭᠡ ᠳᠤ ᠣᠷᠣᠭᠤᠯᠬᠤ ᠶᠠᠪᠤᠴᠠ ᠶᠣᠰᠣᠭᠠᠷ᠂ ᠲᠦᠷᠦᠯ ᠵᠦᠢᠯ ᠢ ᠤᠷᠢᠳᠴᠢᠯᠠᠨ ᠠᠳᠬᠤᠵᠤ ᠡᠷᠲᠡ ᠠᠴᠠ ᠲᠥᠯᠥᠪᠵᠢᠭᠦᠯᠵᠦ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠤᠷᠢᠳᠴᠢᠯᠠᠨ ᠰᠠᠶᠢᠲᠤᠷ ᠬᠢᠵᠦ᠂ 2023 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠪᠡᠯᠡ ᠮᠥᠩᠭᠦ ᠭᠤᠶᠤᠴᠢᠯᠠᠬᠤ ᠳᠤ ᠰᠠᠶᠢᠲᠤᠷ ᠪᠡᠯᠡᠳᠬᠡᠯ ᠬᠢᠬᠦ ᠬᠡᠷᠡᠭᠲᠡᠢ︔ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠬᠢᠨᠠᠨ ᠰᠢᠯᠭᠠᠵᠤ ᠦᠨᠡᠯᠡᠨ ᠵᠢᠱᠢᠬᠦ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠯᠠᠪᠳᠠᠭᠤᠯᠤᠨ ᠪᠠᠶᠢᠴᠠᠭᠠᠨ ᠰᠣᠳᠣᠯᠣᠯᠲᠠ ᠠᠴᠠ ᠬᠠᠷᠢᠭᠤ ᠲᠤᠰᠬᠠᠭᠰᠠᠨ ᠰᠠᠨᠠᠯ ᠳᠤ ᠵᠢᠭᠠᠵᠤ ᠭᠠᠷᠭᠠᠭᠰᠠᠨ ᠠᠰᠠᠭᠤᠳᠠᠯ ᠢ ᠭᠦᠨᠵᠡᠭᠡᠢ ᠡᠷᠢᠵᠦ᠂ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠨᠠᠷᠢᠯᠢᠭᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号