ᠬᠡᠷᠦᠯᠦᠨ ᠰᠣᠮᠣ ᠶᠢᠨ ᠲᠠᠪᠤᠨ ᠭᠠᠴᠠᠭ᠎ᠠ ᠨᠡᠶᠢᠭᠡᠮ ᠲᠣᠭᠤᠷᠢᠭ ᠤᠨ ᠡᠪᠯᠡᠯ ᠤᠨ ᠡᠭᠦᠷ ᠬᠠᠮᠲᠤᠷᠠᠨ 5 · 4 ᠤ ᠵᠠᠯᠠᠭᠤᠴᠤᠳ ᠤᠨ ᠪᠠᠶᠠᠷ ᠢ ᠪᠡᠯᠭᠡᠯᠡᠬᠦ ᠪᠣᠳᠠᠰ ᠤᠨ ᠪᠣᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠭᠤᠣᠯ ᠰᠡᠳᠦᠪᠲᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2022/5/5
     ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠨ᠂ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠶᠡᠬᠡᠪᠡᠷ ᠤᠯᠠᠮᠵᠢᠯᠠᠨ ᠪᠠᠳᠠᠷᠠᠭᠤᠯᠬᠤ ᠶᠢᠨ ᠲᠦᠯᠦᠭᠡ᠂ ︽5 · 4︾ ᠤ ᠵᠠᠯᠠᠭᠤᠴᠤᠳ ᠤᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠬᠡᠷᠦᠯᠦᠨ ᠰᠤᠮᠤ ᠶᠢᠨ ᠪᠠᠶᠠᠨ ᠭᠠᠴᠠᠭ᠎ᠠ᠂ ᠬᠡᠷᠦᠯᠦᠨ ᠭᠠᠴᠠᠭ᠎ᠠ᠂ ᠬᠤᠯᠪᠣᠭᠠᠲᠤ ᠭᠠᠴᠠᠭ᠎ᠠ᠂ ᠮᠡᠷᠭᠦᠴᠡᠭ ᠨᠡᠶᠢᠭᠡᠮ ᠲᠣᠭᠤᠷᠢᠭ ᠪᠠ ᠪᠠᠶ᠋ᠬᠠᠭᠤᠯᠠ ᠨᠡᠶᠢᠭᠡᠮ ᠲᠣᠭᠤᠷᠢᠭ ᠤᠨ ᠡᠪᠯᠡᠯ ᠤᠨ ᠡᠭᠦᠷ ᠬᠠᠮᠲᠤᠷᠠᠨ᠂ ︽ᠵᠠᠯᠠᠭᠤ ᠨᠠᠰᠤ ᠪᠠᠨ ᠨᠠᠮ ᠳᠠᠭᠠᠨ ᠵᠣᠷᠢᠭᠤᠯᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ︾ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠭᠤᠣᠯ ᠰᠡᠳᠦᠪᠲᠦ ᠠᠵᠢᠯᠯᠠᠭ᠎ᠠ ᠦᠷᠨᠢᠭᠦᠯᠪᠡ᠃
     ᠡᠩ ᠲᠡᠷᠢᠭᠦᠨ ᠳᠤ᠂ ᠪᠠᠶᠠᠨ ᠭᠠᠴᠠᠭᠠᠨ ᠤ ᠡᠪᠯᠡᠯ ᠤᠨ ᠡᠭᠦᠷ ᠤᠨ ᠱᠦᠵᠢ ᠰᠦᠢ ᠶᠠ ᠨᠠ ᠡᠪᠯᠡᠯ ᠤᠨ ᠭᠡᠰᠢᠭᠦᠳ ᠢᠶᠠᠨ ᠳᠠᠭᠠᠭᠤᠯᠤᠨ ᠭᠠᠯ ᠤᠯᠠᠭᠠᠨ ᠡᠪᠯᠡᠯ ᠤᠨ ᠲᠤᠭ ᠤᠨ ᠡᠮᠦᠨ᠎ᠡ ᠬᠦᠩᠭᠢᠨᠡᠮ᠎ᠡ ᠲᠠᠭᠤᠨ ᠢᠶᠠᠷ᠄ ︽ᠪᠢ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠳᠤ ᠰᠠᠶᠢᠨ ᠳᠤᠷ᠎ᠠ ᠠᠴᠠ ᠪᠠᠨ ᠣᠷᠣᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠡᠷᠡᠰ ᠬᠦᠷᠢᠶᠡᠯᠡᠵᠦ᠂ ᠡᠪᠯᠡᠯ ᠤᠨ ᠳᠦᠷᠢᠮ ᠢ ᠵᠢᠷᠤᠮᠯᠠᠵᠤ ᠁ ᠡᠪ ᠬᠠᠮᠲᠤ ᠶᠢᠨ ᠦᠢᠯᠡᠰ ᠤᠨ ᠲᠦᠯᠦᠭᠡ ᠴᠢᠷᠮᠠᠶᠢᠨ ᠲᠡᠮᠡᠴᠡᠨ᠎ᠡ︾ ᠭᠡᠵᠦ ᠲᠥᠪ ᠴᠢᠩᠭ᠎ᠠ ᠪᠠᠷ ᠲᠠᠩᠭᠠᠷᠢᠭᠯᠠᠪᠠ᠃ ᠵᠠᠯᠠᠭᠤ ᠨᠠᠰᠤᠨ ᠤ ᠲᠠᠩᠭᠠᠷᠢᠭ ᠨᠢ ᠰᠦᠷ ᠵᠢᠪᠬᠤᠯᠠᠩᠲᠠᠢ ᠪᠠᠶᠢᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠲᠤᠬᠠᠢ ᠬᠢᠵᠠᠭᠠᠯᠠᠰᠢ ᠦᠭᠡᠢ ᠬᠦᠰᠡᠯ ᠡᠷᠡᠮᠡᠯᠵᠡᠯ ᠪᠠ ᠡᠪᠯᠡᠯ ᠤᠨ ᠵᠣᠬᠢᠶᠠᠨ ᠪᠠᠶᠢᠭᠤᠯᠤᠯᠲᠠ ᠳᠤ ᠥᠩᠭᠡ ᠬᠡᠷᠡᠯ ᠨᠡᠮᠡᠷᠢᠯᠡᠬᠦ ᠣᠷᠭᠢᠯᠤᠮ᠎ᠠ ᠬᠠᠯᠠᠭᠤᠨ ᠰᠡᠳᠬᠢᠯᠭᠡ ᠶᠢ ᠢᠯᠡᠳᠬᠡᠪᠡ᠃      ᠠᠵᠢᠯᠯᠠᠭ᠎ᠠ ᠨᠢ ᠳᠡᠯᠭᠡᠨ ᠦᠵᠡᠭᠦᠯᠬᠦ᠂ ᠬᠠᠷᠢᠯᠴᠠᠨ ᠰᠣᠯᠢᠯᠴᠠᠬᠤ ᠬᠡᠯᠪᠡᠷᠢ ᠪᠠᠷ ᠶᠠᠪᠤᠭᠳᠠᠪᠠ᠃ ᠳᠡᠯᠭᠡᠨ ᠦᠵᠡᠭᠦᠯᠦᠭᠰᠡᠨ ᠪᠦᠲᠦᠭᠡᠯ ᠳᠤ ᠪᠠᠷᠭᠤ ᠬᠤᠪᠴᠠᠰᠤ ᠵᠠᠰᠠᠯ᠂ ᠮᠣᠩᠭᠤᠯ ᠣᠨᠴᠠᠯᠢᠭᠲᠤ ᠮᠥᠩᠭᠦᠨ ᠡᠳ᠋ᠯᠡᠯ᠂ ᠢᠰᠡᠭᠡᠢ ᠬᠠᠳᠬᠤᠮᠠᠯ᠂ ᠮᠣᠩᠭᠤᠯ ᠣᠨᠴᠠᠯᠢᠭᠲᠤ ᠭᠠᠷ ᠤᠷᠠᠯᠠᠯ᠂ ᠣᠨᠴᠠᠯᠢᠭᠲᠤ ᠴᠠᠭᠠᠨ ᠢᠳᠡᠭᠡ ᠵᠡᠷᠭᠡ ᠪᠣᠶ᠂ ᠲᠣᠰ ᠠᠵᠢᠯᠯᠠᠭ᠎ᠠ ᠳᠤ ᠣᠷᠣᠯᠴᠠᠭᠰᠠᠨ ᠰᠣᠶᠣᠯ ᠤᠨ ᠤᠯᠠᠮᠵᠢᠯᠠᠭᠴᠢ ᠪᠠ ᠪᠠᠭᠰᠢ ᠨᠠᠷ ᠲᠥᠬᠦᠮ ᠣᠶᠢᠯᠠᠭᠠᠮᠵᠢᠲᠠᠢ ᠦᠭᠡ ᠬᠡᠯᠡ ᠪᠠᠷ ᠦᠵᠡᠭᠦᠯᠭᠡ ᠳᠤ ᠣᠷᠣᠯᠴᠠᠭᠰᠠᠨ ᠡᠪᠯᠡᠯ ᠤᠨ ᠭᠡᠰᠢᠭᠦᠨ ᠵᠠᠯᠠᠭᠤᠴᠤᠳ ᠲᠤ ᠲᠠᠶᠢᠯᠤᠮᠵᠢ ᠬᠢᠵᠦ᠂ ᠥᠷᠭᠡᠨ ᠣᠯᠠᠨ ᠡᠪᠯᠡᠯ ᠤᠨ ᠭᠡᠰᠢᠭᠦᠨ ᠵᠠᠯᠠᠭᠤᠴᠤᠳ ᠲᠤ ᠰᠤᠷᠤᠯᠴᠠᠯᠭ᠎ᠠ᠂ ᠰᠣᠯᠢᠯᠴᠠᠭᠠᠨ ᠤ ᠲᠠᠪᠴᠠᠩ ᠬᠠᠩᠭᠠᠭᠰᠠᠨ ᠪᠠᠶᠢᠨ᠎ᠠ᠃
     ᠠᠵᠢᠯᠯᠠᠭ᠎ᠠ ᠳᠤ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠠᠵᠢᠯᠯᠠᠭ᠎ᠠ ᠶᠢ ᠶᠠᠭ ᠲᠠᠪᠤᠨ ᠰᠠᠷ᠎ᠠ ᠶᠢᠨ ᠳᠥᠷᠪᠡᠨ ᠤ ᠵᠠᠯᠠᠭᠤᠴᠤᠳ ᠤᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠳᠤ ᠡᠷᠬᠢᠯᠡᠨ ᠶᠠᠪᠤᠭᠳᠠᠭᠤᠯᠵᠤ᠂ ᠥᠷᠭᠡᠨ ᠣᠯᠠᠨ ᠵᠠᠯᠠᠭᠤᠴᠤᠳ ᠲᠠᠪᠤᠨ ᠰᠠᠷ᠎ᠠ ᠶᠢᠨ ᠳᠥᠷᠪᠡᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠨ᠎ᠡ ᠴᠠᠭ ᠦᠶ᠎ᠡ ᠶᠢᠨ ᠵᠠᠯᠠᠭᠤᠴᠤᠳ ᠪᠣᠯᠵᠤ᠂ ᠰᠣᠶᠣᠯ ᠤᠨ ᠤᠯᠠᠮᠵᠢᠯᠠᠭᠴᠢ ᠶᠢᠨ ᠬᠦᠨᠳᠦ ᠡᠭᠦᠷᠭᠡ ᠶᠢ ᠴᠢᠷᠮᠠᠶᠢᠨ ᠡᠭᠦᠷᠭᠡᠯᠡᠵᠦ᠂ ᠨᠤᠲᠤᠭ ᠤᠰᠤᠨ ᠳᠠᠭᠠᠨ ᠥᠩᠭᠡ ᠬᠡᠷᠡᠯ ᠨᠡᠮᠡᠷᠢᠯᠡᠵᠦ᠂ ᠴᠠᠭ ᠦᠶ᠎ᠡ ᠶᠢᠨ ᠭᠡᠷᠡᠯ ᠭᠢᠯᠪᠠᠭ᠎ᠠ ᠶᠢ ᠰᠠᠴᠤᠷᠠᠭᠤᠯᠬᠤ ᠬᠡᠷᠡᠭᠲᠡᠢ ᠭᠡᠵᠡᠢ᠃      ᠠᠵᠢᠯᠯᠠᠭ᠎ᠠ ᠳᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠭᠠᠴᠠᠭᠠᠨ ᠳᠤ ᠲᠠᠮᠢᠷ ᠤᠨ ᠬᠤᠪᠴᠠᠰᠤ ᠪᠡᠯᠡᠭᠯᠡᠵᠦ᠂ ᠬᠤᠶᠢᠰᠢᠳᠠ ᠨᠠᠩ ᠣᠯᠠᠨ ᠬᠡᠯᠪᠡᠷᠢ ᠮᠠᠶ᠋ᠢᠭ ᠢᠶᠠᠷ ᠰᠣᠶᠣᠯ ᠤᠨ ᠤᠯᠠᠮᠵᠢᠯᠠᠯ ᠤᠨ ᠠᠵᠢᠯᠯᠠᠭ᠎ᠠ ᠥᠷᠨᠢᠭᠦᠯᠵᠦ᠂ ᠨᠠᠩ ᠣᠯᠠᠨ ᠡᠪᠯᠡᠯ ᠤᠨ ᠭᠡᠰᠢᠭᠦᠨ ᠵᠠᠯᠠᠭᠤᠴᠤᠳ ᠢ ᠰᠣᠶᠣᠯ ᠤᠨ ᠤᠯᠠᠮᠵᠢᠯᠠᠯ ᠤᠨ ᠡᠩᠨᠡᠭᠡᠨ ᠳᠤ ᠣᠷᠣᠯᠴᠠᠭᠤᠯᠬᠤ ᠶᠢ ᠵᠣᠷᠢᠭᠵᠢᠭᠤᠯᠵᠤ ᠪᠠᠶᠢᠬᠤ ᠪᠠᠨ ᠢᠯᠡᠳᠬᠡᠵᠡᠢ᠃      ᠲᠤᠰ ᠤᠳᠠᠭᠠᠨ ᠤ ᠠᠵᠢᠯᠯᠠᠭ᠎ᠠ ᠨᠢ ᠰᠣᠶᠣᠯ ᠢ ᠤᠯᠠᠮᠵᠢᠯᠠᠨ ᠵᠠᠯᠭᠠᠮᠵᠢᠯᠠᠬᠤ ᠳᠤ ᠢᠲᠡᠭᠡᠯ ᠪᠢᠰᠢᠷᠡᠯ ᠲᠠᠢ᠂ ᠬᠠᠷᠢᠭᠤᠴᠠᠯᠭ᠎ᠠ ᠲᠠᠢ᠂ ᠬᠠᠶᠢᠷ᠎ᠠ ᠰᠡᠳᠬᠢᠯᠭᠡ ᠲᠠᠢ᠂ ᠳᠤᠷ᠎ᠠ ᠰᠣᠨᠢᠷᠬᠠᠯ ᠲᠠᠢ ᠡᠪᠯᠡᠯ ᠤᠨ ᠭᠡᠰᠢᠭᠦᠨ ᠵᠠᠯᠠᠭᠤᠴᠤᠳ ᠢ ᠴᠤᠭᠯᠠᠭᠤᠯᠵᠤ᠂ ᠲᠡᠳᠡᠨ ᠳᠤ ᠰᠣᠯᠢᠯᠴᠠᠨ ᠰᠤᠷᠤᠯᠴᠠᠬᠤ ᠲᠠᠪᠴᠠᠩ ᠬᠠᠩᠭᠠᠵᠤ᠂ ᠡᠪᠯᠡᠯ ᠤᠨ ᠭᠡᠰᠢᠭᠦᠨ ᠵᠠᠯᠠᠭᠤᠴᠤᠳ ᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢᠨ ᠴᠢᠬᠤᠯᠠ ᠴᠢᠨᠠᠷ ᠢ ᠣᠶᠢᠯᠠᠭᠠᠭᠤᠯᠵᠤ᠂ ᠦᠨᠳᠦᠰᠦᠲᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠢᠲᠡᠭᠡᠯ ᠵᠣᠷᠢᠭ ᠢ ᠨᠡᠮᠡᠭᠳᠡᠭᠦᠯᠬᠦ ᠶᠢᠨ ᠲᠥᠯᠥᠭᠡ ᠶᠤᠮ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号