ᠪᠥᠬᠡᠪᠠᠶᠠᠷ ᠷᠦᠩ ᠳ᠋ᠡ ᠠᠭᠤᠷᠬᠠᠢ ᠶᠢᠨ ᠦᠢᠯᠡᠰ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/5/5
     4 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠥᠬᠡᠪᠠᠶᠠᠷ ᠷᠦᠩ ᠳ᠋ᠡ ᠠᠭᠤᠷᠬᠠᠢ ᠶᠢᠨ ᠦᠢᠯᠡᠰ ᠲᠤ ᠭᠦᠨᠵᠡᠭᠡᠶᠢᠷᠡᠨ᠂ ᠠᠵᠤ ᠠᠬᠤᠢ ᠶᠢᠨ ᠡᠷᠭᠢᠯᠲᠡ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠤᠳ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠤ ᠤᠳᠤᠷᠢᠳᠤᠯᠭ᠎ᠠ ᠲᠢᠶᠡᠨ ᠹᠧᠩ ᠯᠢᠨ᠂ ᠳ᠋ᠦ᠋ ᠴᠧᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠲᠡᠳᠡᠨᠡᠷ ᠤᠷᠢᠳ ᠬᠤᠵᠢᠳ ᠠᠵᠤ ᠠᠬᠤᠶᠢᠯᠠᠯ ᠤᠨ ᠰᠢᠷᠣᠢ ᠭᠠᠳᠠᠭᠰᠢᠯᠠᠭᠤᠯᠬᠤ ᠲᠠᠯᠠᠪᠠᠢ᠂ ᠦᠯᠡᠳᠡᠭᠳᠡᠯ ᠬᠦᠳᠡᠷ ᠤᠨ ᠬᠥᠮᠥᠷᠭᠡ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠦᠢᠯᠡᠳᠪᠦᠷᠢᠯᠡᠯ ᠡᠵᠡᠩᠨᠡᠯᠲᠡ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠯᠢᠭ ᠣᠶᠢᠯᠠᠭᠠᠪᠠ  ᠪᠦᠬᠡᠪᠠᠶᠠᠷ ᠱᠠᠭᠠᠷᠳᠠᠬᠤ ᠳᠠᠭᠠᠨ᠂ ᠠᠵᠤ ᠠᠬᠤᠶᠢᠯᠠᠯ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠦᠨ᠂ ᠣᠳᠣᠬᠠᠨ ᠤ ᠪᠠᠶᠢᠳᠠᠯ ᠢ ᠲᠣᠳᠣᠷᠬᠠᠢ ᠲᠠᠨᠢᠵᠤ᠂ ᠤᠯᠠᠮ ᠨᠢᠭᠡ ᠠᠯᠬᠤᠮ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃
     ᠠᠵᠤ ᠠᠬᠤᠶᠢᠯᠠᠯ ᠤᠨ ᠬᠤᠷᠠᠯ ᠤᠨ ᠭᠡᠷ ᠲᠤ᠂ ᠪᠥᠬᠡᠪᠠᠶᠠᠷ ︽5·1︾ ᠤ ᠠᠮᠠᠷᠠᠯᠲᠠ ᠶᠢᠨ ᠬᠤᠭᠤᠴᠠᠭᠠᠨ ᠳᠤ ᠠᠵᠢᠯ ᠤᠨ ᠪᠠᠶᠢᠷᠢ ᠳᠡᠭᠡᠷ᠎ᠡ ᠪᠠᠨ ᠴᠢᠷᠮᠠᠶᠢᠨ ᠠᠵᠢᠯᠯᠠᠵᠤ ᠪᠠᠶᠢᠭ᠎ᠠ ᠠᠵᠢᠯᠲᠠᠳ ᠲᠤ ᠬᠦᠨᠳᠦᠳᠬᠡᠯ ᠳᠡᠪᠰᠢᠭᠦᠯᠬᠦ ᠶᠢᠨ ᠬᠠᠮᠲᠤ᠂ ᠣᠳᠣᠬᠠᠨ ᠳᠤ ᠶᠠᠭ ᠥᠷᠨᠢᠭᠦᠯᠵᠦ ᠪᠠᠶᠢᠭ᠎ᠠ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠪᠣᠯ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠶᠡᠭᠡ ᠳᠦᠷᠢᠮ ᠤᠨ ᠲᠣᠬᠢᠷᠠᠭᠤᠯᠤᠯᠲᠠ ᠪᠣᠯᠣᠨ᠎ᠠ᠂ ᠪᠢᠳᠡ ᠤᠯᠤᠰ ᠲᠦᠷᠦ ᠶᠢᠨ ᠲᠠᠯ᠎ᠠ ᠠᠴᠠ ᠦᠵᠡᠵᠦ᠂ ᠤᠯᠤᠰ ᠲᠦᠷᠦ ᠶᠢᠨ ᠲᠠᠯ᠎ᠠ ᠠᠴᠠ ᠬᠢᠬᠦ ᠬᠡᠷᠡᠭᠲᠡᠢ ᠭᠡᠪᠡ᠃ ᠠᠵᠤ ᠠᠬᠤᠶᠢᠯᠠᠯ ᠤᠳ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠮᠢ ᠠᠬᠤᠢ ᠶᠢᠨ ᠪᠣᠯᠪᠠᠰᠤᠨ ᠤ ᠪᠠᠲᠤ ᠬᠦᠴᠦᠨ ᠢ ᠢᠮᠠᠭᠲᠠ ᠪᠠᠲᠤᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠲᠠᠰᠤᠷᠠᠯᠳᠡ ᠦᠭᠡᠢ ᠪᠠᠬᠢᠵᠢᠭᠦᠯᠬᠦ ᠬᠡᠷᠡᠭᠲᠡᠢ︔ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠦ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠬᠡᠷᠡᠭᠵᠢᠭᠦᠯᠬᠦ ᠲᠥᠰᠥᠯ ᠶᠣᠰᠣᠭᠠᠷ᠂ ᠥᠪᠡᠷ ᠢ ᠪᠠᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠬᠡᠷᠡᠭᠲᠡᠢ︔ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠬᠢᠭᠡᠳ ᠵᠢᠯᠣᠭᠤᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠴᠠᠭ ᠲᠤᠬᠠᠢ ᠳᠤᠨᠢ ᠣᠶᠢᠯᠠᠭᠠᠨ᠂ ᠨᠠᠮ ᠤᠨ ᠬᠤᠷᠢᠶ᠎ᠠ ᠵᠠᠰᠠᠭ ᠤᠨ ᠣᠷᠳᠣᠨ ᠲᠦᠷᠦᠭᠦᠯᠡᠨ ᠶᠡᠷᠦᠩᠬᠡᠶᠢᠯᠡᠨ ᠡᠵᠡᠮᠳᠡᠬᠦ᠂ ᠰᠠᠯᠠᠭ᠎ᠠ ᠮᠥᠴᠢᠷ ᠤᠳ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠠᠵᠤ ᠠᠬᠤᠶᠢᠯᠠᠯ ᠤᠳ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠣᠯᠠᠨ ᠲᠦᠮᠡᠨ ᠢᠳᠡᠪᠬᠢᠲᠡᠢ ᠣᠷᠤᠯᠴᠠᠬᠤ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠰᠢᠨ᠎ᠡ ᠪᠠᠶᠢᠷᠢᠰᠢᠯ ᠢ ᠪᠣᠶ ᠪᠣᠯᠭᠠᠬᠤ ᠬᠡᠷᠡᠭᠲᠡᠢ ᠭᠡᠵᠡᠢ᠃
     ᠪᠥᠬᠡᠪᠠᠶᠠᠷ᠂ ᠣᠳᠣᠬᠠᠨ ᠳᠤ ᠬᠢᠵᠢᠭ ᠤᠨ ᠪᠠᠶᠢᠳᠠᠯ ᠮᠦᠨ ᠯᠡ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠶᠢᠨ᠎ᠠ᠂ ᠠᠵᠤ ᠠᠬᠤᠶᠢᠯᠠᠯ ᠤᠳ ᠮᠢᠨᠴᠦᠭᠦᠷᠡᠬᠦ ᠦᠵᠡᠯ ᠰᠠᠨᠠᠭ᠎ᠠ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ︽ᠭᠠᠳᠠᠨ᠎ᠠ ᠠᠴᠠ ᠬᠠᠯᠳᠠᠪᠤᠷᠢᠯᠠᠨ ᠣᠷᠣᠬᠤ ᠶᠢ ᠰᠡᠷᠭᠡᠶᠢᠯᠡᠬᠦ︾ ᠪᠣᠭᠤᠮᠲᠠ ᠶᠢ ᠴᠢᠩᠭ᠎ᠠ ᠰᠠᠬᠢᠵᠤ᠂ ︽ᠳᠣᠲᠣᠭᠠᠳᠤ ᠳᠠᠭᠠᠨ ᠳᠠᠬᠢᠨ ᠳᠡᠯᠭᠡᠷᠡᠬᠦ ᠠᠴᠠ ᠰᠡᠷᠭᠡᠶᠢᠯᠡᠬᠦ︾ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠠᠮᠤᠷ ᠲᠦᠪᠰᠢᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ᠃ ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠭᠢᠯᠲᠡ ᠶᠢ ᠰᠢᠨᠵᠢᠯᠡᠬᠦ ᠤᠬᠠᠭᠠᠨᠴᠢ ᠰᠢᠰᠲ᠋ᠧᠮ ᠲᠠᠢ ᠰᠠᠶᠢᠲᠤᠷ ᠠᠳᠬᠤᠨ᠂ ᠥᠭᠡᠷᠡᠴᠢᠯᠡᠨ ᠳᠡᠰ ᠳᠡᠪᠰᠢᠭᠦᠯᠬᠦ ᠶᠢ ᠪᠠᠷᠢᠮᠲᠠᠯᠠᠵᠤ᠂ ᠥᠪᠡᠷ ᠤᠨ ᠪᠡᠶ᠎ᠡ ᠳᠡᠭᠡᠨ ᠳᠠᠷᠤᠯᠲᠠ ᠥᠭᠴᠦ᠂ ᠦᠪᠡᠷ ᠢ ᠪᠠᠨ ᠢᠯᠠᠨ ᠳᠠᠪᠠᠵᠤ᠂ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠳᠠᠪᠠᠯᠲᠠ ᠲᠠᠢ ᠬᠥᠭᠵᠢᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号