ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 5 ᠤ ᠡᠳᠦᠷ ᠤᠨ ᠴᠠᠬᠢᠯᠭᠠᠨ ᠮᠡᠳᠡᠭᠡ ᠨᠠᠮ ᠤᠨ | ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ 5 ᠰᠠᠷ᠎ᠠ ᠶᠢᠨ 5 ᠤ ᠡᠳᠦᠷ | ᠬᠤᠷᠠᠯ ᠬᠤᠷᠠᠯᠳᠤᠭᠤᠯᠵᠤ᠂ ᠣᠳᠣᠬᠠᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠵᠤ ᠪᠠᠶᠢᠭ᠎ᠠ ᠪᠠᠶᠢᠳᠠᠯ ᠢ ᠵᠠᠳᠠᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ | ᠲᠠᠢ ᠠᠵᠢᠯ ᠢ ᠲᠤᠯᠭᠠᠮ ᠪᠣᠳᠠᠲᠠᠢ ᠠᠳᠬᠤᠬᠤ ᠲᠤᠬᠠᠢ ᠰᠤᠳᠤᠯᠤᠨ ᠪᠠᠶᠢᠷᠢᠯᠠᠭᠤᠯᠪᠠ᠃ ᠨᠠᠮ ᠤᠨ ᠲᠥᠪ ᠬᠤᠷᠢᠶᠠᠨ ᠤ | ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠠᠢ᠃ | ᠬᠤᠷᠠᠯ ᠠᠴᠠ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ | ᠨᠠᠭᠠᠰᠢ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠭᠠᠳᠠᠨ᠎ᠠ ᠠᠴᠠ | ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠭᠦ ᠶᠢ ᠰᠡᠷᠭᠡᠶᠢᠯᠡᠬᠦ ᠶᠢ | ᠪᠠᠷᠢᠮᠲᠠᠯᠠᠵᠤ᠂ ᠡᠪᠡᠳᠴᠢᠨ ᠤ ᠵᠢᠱᠢᠶ᠎ᠡ ᠶᠢ ᠦᠬᠡᠢ ᠪᠤᠯᠭᠠᠬᠤ ᠶᠢ ᠪᠠᠷᠢᠮᠲᠠᠯᠠᠵᠤ᠂ ᠴᠠᠭ ᠪᠠ ᠪᠠᠶᠢᠳᠠᠯ ᠢ ᠦᠨᠳᠦᠰᠦᠯᠡᠨ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠲᠠᠰᠤᠷᠠᠯᠲᠠ ᠥᠬᠡᠶ ᠲᠣᠬᠢᠷᠠᠭᠤᠯᠤᠯᠲᠠ ᠬᠢᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠭᠡᠯ ᠤᠯᠪᠠ᠃ ᠡᠨᠡ | ᠵᠢᠯ ᠤᠨ 3 ᠰᠠᠷ᠎ᠠ ᠠᠴᠠ ᠨᠠᠭᠠᠰᠢ ᠤᠯᠤᠰ ᠳᠠᠶᠠᠭᠠᠷ ᠢᠶᠠᠨ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠮᠥᠷᠥ | ᠵᠡᠷᠭᠡᠴᠡᠨ ᠲᠠᠶᠢᠯᠳᠤᠬᠤ ᠪᠠᠷ ᠳᠠᠮᠵᠢᠨ᠂ ᠪᠢᠳᠡ ᠦᠬᠠᠨ ᠢ ᠬᠠᠮᠠᠭᠠᠯᠠᠬᠤ ᠳᠠᠶᠢᠯᠠᠯᠳᠤᠭᠠᠨ ᠠᠴᠠ ᠨᠠᠭᠠᠰᠢᠬᠢ ᠬᠠᠮᠤᠭ ᠤᠨ | ᠬᠦᠨᠳᠦ ᠬᠡᠴᠡᠭᠦᠦ ᠰᠡᠷᠭᠡᠶᠢᠯᠡᠨ ᠡᠵᠡᠮᠳᠡᠬᠦ ᠰᠢᠯᠭᠠᠯᠲᠠ ᠶᠢ ᠳᠠᠭᠠᠭᠠᠵᠤ᠂ ᠱᠠᠳᠤᠴᠢ ᠴᠢᠨᠠᠷᠲᠠᠢ ᠦᠷ᠎ᠡ ᠪᠦᠲᠦᠮᠵᠢ ᠤᠯᠪᠠ᠃ | ᠮᠠᠨ ᠤ ᠰᠡᠷᠭᠡᠶᠢᠯᠡᠨ ᠡᠵᠡᠮᠳᠡᠬᠦ ᠴᠢᠭᠯᠡᠯᠲᠡ ᠪᠣᠯ ᠨᠠᠮ ᠤᠨ ᠰᠢᠨᠵᠢ ᠴᠢᠨᠠᠷ ᠪᠣᠯᠤᠨ ᠵᠣᠷᠢᠯᠲᠠ ᠠᠴᠠ | ᠲᠤᠭᠳᠠᠭᠠᠭᠳᠠᠭᠰᠠᠨ ᠶᠤᠮ᠂ ᠮᠠᠨ ᠤ ᠰᠡᠷᠭᠡᠶᠢᠯᠡᠨ ᠡᠵᠡᠮᠳᠡᠬᠦ ᠲᠦᠷᠦ ᠶᠢᠨ ᠪᠤᠳᠤᠯᠭ᠎ᠠ ᠪᠣᠯ ᠲᠡᠦᠬᠡ ᠶᠢᠨ ᠰᠢᠯᠭᠠᠯᠲᠠ ᠶᠢ | ᠳᠠᠭᠠᠭᠠᠵᠤ ᠳᠡᠶᠢᠯᠬᠦ ᠶᠤᠮ᠂ ᠮᠠᠨ ᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠣᠯ ᠰᠢᠨᠵᠢᠯᠡᠬᠦ ᠤᠬᠠᠭᠠᠨᠴᠢ ᠪᠥᠭᠡᠳ | ᠪᠦᠲᠦᠮᠵᠢᠲᠡᠢ ᠶᠤᠮ ᠭᠡᠳᠡᠭ ᠢ ᠦᠢᠯᠡᠳᠦᠯᠭᠡ ᠭᠡᠷᠡᠴᠢᠯᠡᠪᠡ᠃ ᠪᠢᠳᠡ ᠦᠬᠠᠨ ᠢ ᠬᠠᠮᠠᠭᠠᠯᠠᠬᠤ ᠳᠠᠶᠢᠯᠠᠯᠳᠤᠭᠠᠨ ᠤ | ᠢᠯᠠᠯᠲᠠ ᠶᠢ ᠣᠯᠤᠭᠰᠠᠨ ᠪᠥᠭᠡᠳ ᠱᠠᠩᠬᠠᠢ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠯᠠᠪᠲᠠᠢ ᠣᠯᠵᠤ | ᠴᠢᠳᠠᠨ᠎ᠠ ᠬᠡᠵᠥ ᠵᠢᠭᠠᠵᠥ ᠭᠠᠷᠭᠠᠪᠠ᠃ | ᠬᠤᠷᠠᠯ ᠠᠴᠠ᠂ ᠣᠳᠣᠬᠠᠨ ᠳᠤ ᠪᠥᠬᠦ ᠪᠥᠮᠪᠥᠷᠴᠡᠭ ᠤᠨ ᠬᠢᠵᠢᠭ ᠤᠨ ᠪᠠᠶᠢᠳᠠᠯ ᠮᠥᠨ ᠬᠦ ᠥᠨᠳᠥᠷ | ᠪᠠᠶᠢᠷᠢᠨ ᠳᠤ ᠣᠷᠣᠰᠢᠵᠤ᠂ ᠸᠢᠷᠦ᠋ᠰ ᠮᠥᠨ ᠬᠦ ᠲᠠᠰᠤᠷᠠᠯᠲᠠ ᠥᠬᠡᠶ ᠤᠨᠳᠤᠤᠰᠢᠵᠥ᠂ ᠬᠢᠵᠢᠭ ᠤᠨ ᠪᠠᠶᠢᠳᠠᠯ ᠤᠨ | ᠡᠴᠦᠰ ᠤᠨ ᠬᠠᠨᠳᠤᠰᠢ ᠳᠤ ᠪᠠᠰᠠ ᠮᠠᠰᠢ ᠶᠡᠭᠡ ᠲᠣᠭᠲᠠᠪᠤᠷᠢ ᠥᠬᠡᠶ ᠴᠢᠨᠠᠷ ᠣᠷᠣᠰᠢᠵᠤ᠂ ᠠᠮᠢᠰᠬᠤᠭ᠎ᠠ ᠠᠪᠬᠤ᠂ | ᠠᠮᠠᠷᠠᠵᠥ ᠰᠠᠭᠤᠬᠤ ᠴᠠᠭ ᠪᠣᠯᠲᠠᠯ᠎ᠠ ᠪᠠᠰᠠ ᠵᠠᠮ ᠬᠤᠯᠠ ᠪᠠᠶᠢᠭᠰᠠᠭᠠᠷ ᠶᠤᠮ᠃ ᠮᠠᠨ ᠤ ᠤᠯᠤᠰ ᠪᠣᠯ ᠬᠥᠮᠦᠨ ᠠᠮᠠ | ᠣᠯᠠᠨᠲᠠᠢ ᠲᠤᠮᠤ ᠤᠯᠤᠰ ᠮᠥᠨ᠂ ᠨᠠᠰᠤᠵᠢᠬᠰᠡᠨ ᠬᠥᠮᠦᠨ ᠠᠮᠠ ᠤᠯᠠᠨ᠂ ᠭᠠᠵᠠᠷ ᠣᠷᠣᠨ ᠤ ᠬᠥᠭᠵᠢᠯᠲᠡ ᠲᠡᠩᠴᠡᠭᠦᠷᠢ | ᠦᠭᠡᠢ᠂ ᠡᠮᠴᠢᠯᠡᠭᠡᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠬᠦᠷᠦᠯᠴᠡᠬᠦ ᠦᠭᠡᠢ ᠪᠠᠶᠢᠵᠤ᠂ ᠰᠡᠷᠭᠡᠶᠢᠯᠡᠨ | ᠡᠵᠡᠮᠳᠡᠬᠦ ᠪᠠᠨ ᠰᠤᠯᠠᠷᠠᠭᠤᠯᠪᠠᠯ ᠯᠠᠪᠲᠠᠢ ᠶᠡᠭᠡ ᠬᠡᠪᠴᠢᠶᠡᠨ ᠤ ᠬᠥᠮᠦᠰ ᠲᠤ ᠬᠠᠯᠳᠠᠪᠤᠷᠢᠯᠠᠵᠤ᠂ ᠶᠡᠭᠡ ᠬᠡᠮᠵᠢᠶᠡᠨ ᠤ | ᠬᠦᠨᠳᠦ ᠡᠪᠡᠳᠴᠢᠨ ᠪᠠ ᠡᠪᠡᠳᠴᠢᠨ ᠢᠶᠠᠷ ᠦᠬᠦᠬᠦ ᠪᠠᠶᠢᠳᠠᠯ ᠭᠠᠷᠴᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠ | ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ᠂ ᠪᠡᠶ᠎ᠡ ᠮᠠᠬᠠᠪᠣᠳ ᠤᠨ ᠡᠷᠡᠭᠦᠯ ᠮᠡᠨᠳᠦ ᠬᠦᠨᠳᠦ ᠨᠣᠴᠢᠲᠠᠢ | ᠨᠥᠯᠥᠭᠡᠯᠡᠭᠳᠡᠬᠦ ᠪᠣᠯᠤᠨ᠎ᠠ᠃ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠴᠢᠭᠯᠡᠯᠲᠡ ᠲᠦᠷᠦ ᠶᠢᠨ ᠪᠤᠳᠤᠯᠭ᠎ᠠ ᠶᠢ ᠭᠦᠨᠵᠡᠭᠡᠢ᠂ ᠪᠦᠷᠢᠨ ᠪᠦᠲᠦᠨ᠂ ᠪᠦᠬᠦ ᠲᠠᠯ᠎ᠠ ᠪᠠᠷ ᠲᠠᠨᠢᠵᠤ᠂ | ᠲᠠᠨᠢᠯᠲᠠ ᠬᠦᠷᠦᠯᠴᠡᠬᠦ ᠦᠭᠡᠢ᠂ ᠪᠡᠯᠡᠳᠭᠡᠯ ᠬᠦᠷᠦᠯᠴᠡᠬᠦ ᠦᠭᠡᠢ᠂ ᠠᠵᠢᠯ ᠬᠦᠷᠦᠯᠴᠡᠬᠦ ᠦᠭᠡᠢ ᠵᠡᠷᠭᠡ ᠠᠰᠠᠭᠤᠳᠠᠯ ᠢ | ᠡᠷᠡᠰ ᠲᠡᠪᠴᠢᠵᠦ᠂ ᠬᠥᠩᠭᠡᠪᠴᠢᠯᠡᠬᠦ᠂ ᠰᠠᠨᠠᠭᠠᠨ ᠳᠠᠭᠠᠨ ᠠᠪᠬᠤ ᠦᠭᠡᠢ᠂ ᠥᠪᠡᠷ ᠢ ᠪᠠᠨ ᠵᠦᠪᠳᠤᠭᠡᠬᠦ ᠵᠡᠷᠭᠡ ᠦᠵᠡᠯ | ᠰᠠᠨᠠᠭ᠎ᠠ ᠶᠢ ᠡᠷᠡᠰ ᠲᠡᠪᠴᠢᠵᠦ᠂ ᠲᠠᠷᠢᠬᠢ ᠲᠣᠯᠣᠭᠠᠢ ᠪᠠᠨ ᠢᠮᠠᠭᠲᠠ ᠰᠡᠷᠭᠡᠭ ᠪᠠᠶᠢᠯᠭᠠᠵᠤ᠂ ︽ᠡᠪᠡᠳᠴᠢᠨ ᠤ ᠵᠢᠱᠢᠶ᠎ᠠ ᠶᠢ | ᠦᠭᠡᠢ ᠪᠤᠯᠭᠠᠬᠤ︾ ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠮᠠᠨ ᠤ ᠤᠯᠤᠰ ᠤᠨ ᠬᠢᠵᠢᠭ ᠢ | ᠰᠡᠷᠭᠡᠶᠢᠯᠡᠬᠦ ᠴᠢᠭᠯᠡᠯᠲᠡ ᠲᠦᠷᠦ ᠶᠢᠨ ᠪᠤᠳᠤᠯᠭ᠎ᠠ ᠶᠢ ᠭᠠᠵᠢᠭᠤᠳᠠᠭᠤᠯᠤᠭᠰᠠᠨ᠂ ᠰᠡᠵᠢᠭᠯᠡᠭᠰᠡᠨ᠂ ᠦᠭᠡᠶᠢᠰᠭᠡᠭᠰᠡᠨ ᠦᠭᠡ | ᠶᠠᠷᠢᠶ᠎ᠠ ᠦᠢᠯᠡ ᠠᠵᠢᠯᠯᠠᠭ᠎ᠠ ᠪᠦᠬᠦᠨ ᠲᠠᠢ ᠡᠷᠡᠰ ᠲᠡᠮᠡᠴᠡᠯ ᠬᠢᠬᠦ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠠᠴᠠ᠂ ᠪᠠᠷᠢᠮᠲᠠᠯᠠᠯ ᠪᠣᠯ ᠢᠯᠠᠯᠲᠠ ᠮᠥᠨ᠃ ᠣᠳᠣᠬᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠶᠠᠭ ︽ᠤᠷᠤᠰᠬᠠᠯ ᠰᠦᠷᠦᠨ ᠣᠩᠭᠤᠴᠠ ᠰᠡᠯᠢᠬᠦ ᠳᠤ ᠤᠷᠤᠭᠰᠢᠯᠠᠬᠤ ᠦᠭᠡᠢ ᠪᠣᠯ ᠲᠦᠯᠬᠢᠭᠳᠡᠨ | ᠤᠬᠤᠷᠢᠬᠤ︾ ᠵᠠᠩᠭᠢᠯᠠᠭ᠎ᠠ ᠶᠢᠨ ᠬᠤᠭᠤᠴᠠᠭ᠎ᠠ ᠪᠣᠯᠤᠨ ᠢᠳᠡ ᠠᠪᠬᠤ ᠱᠠᠲᠤᠨ ᠳᠤ ᠣᠷᠣᠰᠢᠵᠤ ᠪᠠᠶᠢᠨ᠎ᠠ᠂ ᠡᠯ᠎ᠡ | ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠢᠲᠡᠭᠡᠯ ᠵᠣᠷᠢᠭ ᠢᠶᠠᠨ ᠪᠠᠲᠤᠳᠬᠠᠵᠤ᠂ ᠬᠢᠵᠢᠭ ᠲᠠᠢ | ᠲᠡᠮᠡᠴᠡᠬᠦ ᠲᠡᠮᠡᠴᠡᠯ ᠤᠨ ᠪᠤᠳᠤᠯᠢᠶᠠᠨᠲᠤ ᠴᠢᠨᠠᠷ ᠪᠣᠯᠤᠨ ᠪᠡᠷᠬᠡ ᠬᠠᠲᠠᠭᠤᠵᠢᠯᠲᠤ ᠴᠢᠨᠠᠷ ᠢ ᠭᠦᠨᠵᠡᠭᠡᠢ ᠲᠠᠨᠢᠵᠤ᠂ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ | ᠲᠡᠮᠡᠴᠡᠯ ᠤᠨ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠠᠯᠬᠠᠪᠴᠢ ᠶᠢ ᠡᠷᠡᠰ ᠪᠠᠬᠢᠵᠢᠭᠦᠯᠵᠦ᠂ ᠬᠢᠯᠪᠠᠷ ᠪᠤᠰᠤ ᠪᠠᠷ ᠢᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠭᠰᠡᠨ ᠦᠷ᠎ᠡ ᠪᠦᠲᠦᠭᠡᠯ ᠢᠶᠠᠨ ᠡᠷᠡᠰ ᠪᠠᠬᠢᠵᠢᠭᠦᠯᠵᠦ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠵᠤ᠂ | ᠠᠵᠢᠯ ᠤᠨ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠲᠡᠢ ᠭᠡᠵᠤ ᠵᠢᠭᠠᠵᠤ ᠭᠠᠷᠭᠠᠪᠠ᠃ | ᠬᠤᠷᠠᠯ ᠠᠴᠠ᠂ ᠬᠡᠰᠡᠭ ᠲᠠᠯ᠎ᠠ ᠶᠢᠨ ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠢ ᠰᠢᠢᠳᠪᠦᠷᠢᠯᠡᠬᠦ ᠶᠢ | ᠲᠦᠷᠭᠡᠳᠭᠡᠵᠤ᠂ ᠪᠠᠶᠢᠴᠠᠭᠠᠪᠡᠯ ᠵᠤᠬᠢᠬᠤ ᠶᠢ ᠨᠢ ᠪᠦᠬᠦᠨ ᠢ ᠪᠠᠶᠢᠴᠠᠭᠠᠬᠤ᠂ ᠲᠤᠰᠠᠭᠠᠷᠯᠠᠪᠡᠯ ᠵᠤᠬᠢᠬᠤ ᠶᠢ ᠨᠢ | ᠪᠦᠬᠦᠨ ᠢ ᠲᠤᠰᠠᠭᠠᠷᠯᠠᠬᠤ᠂ ᠡᠵᠡᠮᠳᠡᠪᠡᠯ ᠵᠤᠬᠢᠬᠤ ᠶᠢ ᠨᠢ ᠪᠦᠬᠦᠨ ᠢ ᠡᠵᠡᠮᠳᠡᠬᠦ᠂ ᠵᠠᠰᠠᠪᠡᠯ ᠵᠤᠬᠢᠬᠤ ᠶᠢ ᠨᠢ ᠪᠦᠬᠦᠨ ᠢ | ᠵᠠᠰᠠᠬᠤ ᠶᠢ ᠲᠦᠷᠭᠡᠳᠭᠡᠵᠦ᠂ ᠬᠤᠯᠪᠤᠭᠠᠯᠠᠨ ᠬᠦᠳᠡᠯᠤᠯᠴᠡᠭᠰᠡᠨ ᠪᠥᠭᠡᠮ ᠬᠦᠴᠢᠯ ᠤᠨ ᠪᠠᠶᠢᠴᠠᠭᠠᠯᠲᠠ᠂ ᠲᠠᠬᠤᠯ | ᠡᠪᠡᠳᠴᠢᠨ ᠤ ᠪᠠᠶᠢᠴᠠᠭᠠᠯᠲᠠ᠂ ᠲᠤᠰᠠᠭᠠᠷᠯᠠᠨ ᠰᠢᠯᠵᠢᠭᠦᠯᠦᠨ ᠵᠥᠭᠡᠭᠡᠪᠦᠷᠢᠯᠡᠬᠦ ᠪᠠ ᠨᠡᠶᠢᠭᠡᠮ ᠲᠣᠭᠤᠷᠢᠭ ᠤᠨ | ᠬᠠᠮᠢᠶᠠᠷᠤᠯᠳᠠ ᠡᠵᠡᠮᠳᠡᠯ ᠵᠡᠷᠭᠡ ᠭᠤᠣᠯᠳᠠᠯᠭ᠎ᠠ ᠲᠠᠢ ᠭᠤᠭᠴᠤᠭ᠎ᠠ ᠶᠢ ᠵᠣᠬᠢᠴᠠᠭᠤᠯᠵᠤ᠂ ᠬᠠᠯᠳᠠᠪᠤᠷᠢᠯᠠᠭᠰᠠᠳ ᠪᠠ | ᠠᠶᠤᠯ ᠲᠦᠭᠰᠢᠭᠦᠷᠢ ᠲᠠᠢ ᠬᠥᠮᠦᠰ ᠢ ᠴᠠᠭ ᠲᠤᠬᠠᠢ ᠳᠤᠨᠢ ᠵᠢᠭᠰᠠᠭᠠᠨ ᠪᠠᠶᠢᠴᠠᠭᠠᠵᠤ ᠭᠠᠷᠭᠠᠬᠤ᠂ ᠬᠠᠮᠢᠶᠠᠷᠤᠨ | ᠡᠵᠡᠮᠳᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠣᠷᠣᠨ ᠪᠦᠰᠡ ᠶᠢᠨ ᠬᠠᠮᠵᠢᠯᠴᠠᠨ ᠰᠡᠷᠭᠡᠶᠢᠯᠡᠬᠦ᠂ ᠮᠤᠵᠢ ᠶᠢᠨ ᠳᠣᠲᠣᠷ᠎ᠠ ᠪᠠᠨ ᠨᠢᠭᠡᠳᠦᠯᠲᠡᠢ | ᠲᠥᠯᠥᠪᠵᠢᠭᠦᠯᠬᠦ ᠶᠢ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠬᠥᠮᠦᠨ ᠤ ᠬᠦᠴᠦᠨ ᠡᠳ᠋ ᠪᠣᠳᠠᠰ ᠢ ᠪᠦᠷᠢᠨ | ᠭᠦᠢᠴᠡᠳ ᠪᠡᠯᠡᠳᠭᠡᠵᠦ᠂ ᠬᠢᠵᠢᠭ ᠤᠨ ᠪᠠᠶᠢᠳᠠᠯ ᠢ ᠠᠷᠭᠠᠴᠠᠭᠠᠬᠤ ᠪᠡᠯᠡᠳᠭᠡᠯ ᠢ ᠰᠠᠶᠢᠲᠤᠷ ᠬᠢᠬᠦ ᠬᠡᠷᠡᠭᠲᠡᠢ᠃ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠴᠠᠭ ᠲᠤᠬᠠᠶ ᠳᠤᠨᠢ ᠲᠡᠭᠦᠯᠳᠡᠷᠵᠢᠭᠦᠯᠵᠦ᠂ ᠸᠢᠷᠦ᠋ᠰ ᠤᠨ | ᠤᠨᠳᠤᠤᠰᠢᠬᠤ ᠶᠢ ᠰᠤᠳᠤᠯᠬᠤ ᠪᠠ ᠰᠡᠷᠭᠡᠶᠢᠯᠡᠬᠦ ᠡᠷᠴᠢᠮ ᠢᠶᠠᠨ ᠴᠢᠩᠭᠠᠷᠠᠭᠤᠯᠵᠤ᠂ ᠳᠥᠭᠦᠮᠴᠢᠯᠡᠬᠦ ᠥᠬᠡᠶ᠂ ᠡᠭᠡᠭᠡ | ᠠᠳᠠᠯᠢ ᠪᠠᠶᠢᠯᠭᠠᠬᠤ ᠥᠬᠡᠶ ᠪᠠᠶᠢᠵᠤ᠂ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠪᠠ | ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠶᠢ ᠵᠡᠷᠭᠡ ᠪᠠᠷ ᠰᠠᠶᠢᠲᠤᠷ ᠬᠢᠵᠦ᠂ ᠣᠯᠠᠨ ᠲᠦᠮᠡᠨ ᠤ ᠡᠪᠡᠳᠴᠢᠨ | ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠰᠠᠶᠢᠲᠤᠷ ᠪᠠᠲᠤᠯᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠳᠠᠨ᠎ᠠ ᠠᠴᠠ | ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠳᠤ ᠬᠥᠮᠦᠨ᠂ ᠪᠣᠳᠠᠰ᠂ ᠣᠷᠴᠢᠨ ᠲᠣᠭᠤᠷᠢᠨ ᠢ ᠵᠡᠷᠭᠡ ᠪᠠᠷ | ᠰᠡᠷᠭᠡᠶᠢᠯᠡᠬᠦ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠲᠦᠷᠦᠯ ᠤᠨ ᠬᠠᠷᠢᠭᠤᠴᠠᠯᠭ᠎ᠠ | ᠪᠣᠯᠤᠨ ᠨᠢᠭᠡᠴᠢ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠠᠷᠠᠳ ᠣᠯᠠᠨ ᠳᠤ ᠨᠢᠭᠲᠠ | ᠲᠦᠰᠢᠭᠯᠡᠨ ᠠᠷᠠᠳ ᠲᠦᠮᠡᠨ ᠤ ᠳᠠᠶᠢᠨ ᠢ ᠰᠠᠶᠢᠲᠤᠷ ᠬᠢᠵᠦ᠂ ᠮᠡᠳᠡᠭᠡ ᠵᠠᠩᠭᠢ ᠨᠡᠶᠢᠲᠡᠯᠡᠬᠦ ᠶᠢ ᠴᠢᠩᠭᠠᠳᠬᠠᠨ᠂ | ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ | ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠷᠢᠭᠤᠴᠠᠯᠭᠠᠲᠤ ᠤᠬᠠᠮᠰᠠᠷ᠂ ᠥᠪᠡᠷ ᠢ ᠪᠠᠨ | ᠬᠠᠮᠠᠭᠠᠯᠠᠬᠤ ᠤᠬᠠᠮᠰᠠᠷ ᠢ ᠨᠢ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠪᠠ ᠡᠭᠦᠷᠭᠡ ᠶᠢ | ᠤᠬᠠᠮᠰᠠᠷ ᠠᠴᠠ ᠪᠠᠨ ᠡᠭᠦᠷᠭᠡᠯᠡᠨ᠂ ᠬᠤᠪᠢ ᠬᠥᠮᠦᠨ᠂ ᠭᠡᠷ ᠪᠦᠯᠢ ᠵᠡᠷᠭᠡ ᠶᠢᠨ ᠡᠳᠦᠷ ᠲᠤᠲᠤᠮ ᠤᠨ ᠰᠡᠷᠭᠡᠶᠢᠯᠡᠨ | ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠭᠡᠯᠢᠯᠡᠭᠡ ᠶᠢᠨ ᠲᠠᠷᠢᠯᠭ᠎ᠠ ᠶᠢᠨ ᠠᠵᠢᠯ ᠢ ᠴᠢᠩᠭᠠᠳᠬᠠᠨ᠂ | ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠶ | ᠭᠡᠵᠦ ᠴᠢᠬᠤᠯᠠᠴᠢᠯᠠᠪᠠ᠃ | ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠨᠡᠶᠢᠭᠡᠮ ᠤᠨ ᠡᠯ᠎ᠡ | ᠲᠠᠯ᠎ᠠ ᠶᠢᠨ ᠬᠢᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠭᠡᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ | ᠳᠡᠭᠡᠷ᠎ᠡ ᠪᠠᠨ ᠤᠬᠠᠮᠰᠠᠷ ᠠᠴᠠ ᠪᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ | ᠲᠠᠶᠢᠪᠤᠰᠢᠷᠠᠬᠤ ᠪᠤᠳᠤᠯ᠂ ᠬᠠᠯᠠᠰᠢᠷᠠᠬᠤ ᠰᠡᠳᠭᠢᠯᠭᠡ᠂ ᠠᠵᠠ ᠬᠠᠷᠠᠬᠤ ᠪᠤᠳᠤᠯ᠂ ᠰᠤᠯᠠᠷᠠᠬᠤ ᠰᠡᠳᠭᠢᠯᠭᠡ ᠶᠢ | ᠲᠡᠪᠴᠢᠵᠦ᠂ ᠪᠦᠬᠦ ᠲᠠᠯ᠎ᠠ ᠪᠠᠷ ᠲᠠᠶᠢᠴᠢᠯᠠᠨ ᠪᠦᠬᠦ ᠲᠠᠯ᠎ᠠ ᠪᠠᠷ ᠪᠠᠶᠢᠷᠢᠯᠠᠭᠤᠯᠵᠤ᠂ ᠴᠠᠭ ᠪᠢᠳᠡᠨ ᠢ ᠬᠦᠯᠢᠶᠡᠬᠦ ᠦᠭᠡᠢ | ᠵᠣᠷᠢᠭ ᠰᠠᠨᠠᠭ᠎ᠠ᠂ ᠴᠠᠭ ᠮᠥᠴᠡ ᠶᠢ ᠠᠯᠳᠠᠯ ᠦᠭᠡᠢ ᠲᠡᠮᠡᠴᠡᠬᠦ ᠦᠢᠯᠡ ᠠᠵᠢᠯᠯᠠᠭ᠎ᠠ ᠪᠠᠷ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠨ ᠨᠠᠷᠢᠯᠢᠭ ᠠᠳᠬᠤᠬᠤ ᠬᠡᠷᠡᠭᠲᠡᠢ᠃ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ | ᠦᠷᠭᠦᠯᠵᠢᠯᠡᠨ ᠡᠮᠦᠨ᠎ᠡ ᠨᠢ ᠭᠠᠪᠰᠢᠭᠠᠶᠢᠯᠠᠨ ᠡᠷᠡᠮᠡᠬᠡᠶᠢᠯᠡᠨ ᠲᠡᠮᠡᠴᠡᠵᠦ᠂ ᠲᠠᠶᠢᠴᠢᠨ ᠪᠠᠬᠢᠯᠡᠯᠲᠡ ᠪᠠ ᠬᠤᠰᠢᠭᠤᠴᠢ | ᠵᠢᠱᠢᠶᠡᠴᠢ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠬᠢᠵᠢᠭ ᠲᠠᠢ ᠲᠡᠮᠡᠴᠡᠬᠦ ᠲᠡᠮᠡᠴᠡᠯ ᠤᠨ ᠳᠤᠮᠳᠠ ᠴᠣᠯᠭᠤᠷᠠᠨ | ᠭᠠᠷᠤᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠪᠣᠯᠤᠨ ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠤᠯᠤᠨ | ᠮᠡᠳᠡᠭᠡᠯᠡᠵᠦ᠂ ᠥᠷᠭᠡᠨ ᠤᠯᠠᠨ ᠺᠠᠳ᠋ᠷ ᠤᠯᠠᠨ ᠲᠦᠮᠡᠨ ᠤ ᠢᠲᠡᠭᠡᠯ ᠵᠣᠷᠢᠭ ᠢᠶᠠᠨ ᠪᠠᠲᠤᠳᠬᠠᠨ᠂ ᠬᠠᠲᠠᠭᠤ | ᠪᠡᠷᠬᠡᠰᠢᠶᠡᠯ ᠢ ᠬᠠᠮᠲᠤ ᠪᠠᠷ ᠲᠤᠭᠤᠯᠵᠦ᠂ ᠪᠦᠯᠬᠦᠮᠳᠡᠨ ᠨᠢᠭᠡᠳᠴᠦ ᠪᠠᠶᠢᠭᠠᠳ ᠬᠢᠵᠢᠭ ᠲᠠᠢ ᠲᠡᠮᠡᠴᠡᠬᠦ ᠠᠵᠢᠯ ᠢ | ᠰᠠᠶᠢᠲᠤᠷ ᠬᠢᠬᠦ ᠶᠢ ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | |