ᠰᠢᠨ᠎ᠡ ᠪᠠᠷᠭᠤ ᠪᠠᠷᠠᠭᠤᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ | ᠰᠠᠯᠠᠭ᠎ᠠ ᠮᠥᠴᠢᠷ ᠮᠥᠨ᠂ ᠵᠢᠩᠬᠢᠨᠢ ᠰᠠᠯᠠᠭᠠᠨ ᠲᠠᠰ ᠤᠨ ᠨᠢᠭᠡᠴᠡ ᠪᠠᠶᠢᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠮᠣᠩᠭᠤᠯ ᠬᠡᠯᠡ ᠪᠢᠴᠢᠭ ᠤᠨ ᠠᠵᠢᠯ ᠤᠨ | ᠵᠥᠪᠯᠡᠯ ᠤᠨ ᠫᠠᠶᠢᠰᠠ ᠶᠢ ᠡᠯᠭᠦᠵᠦ᠂ ᠬᠤᠰᠢᠭᠤᠨ ᠤ ᠨᠢᠭᠡᠳᠦᠮᠡᠯ ᠹᠷᠣᠨᠲ ᠤᠨ ᠬᠡᠯᠲᠡᠰ ᠤᠨ ᠤᠳᠤᠷᠢᠳᠤᠯᠭ᠎ᠠ ᠶᠢ ᠬᠦᠯᠢᠶᠡᠨ᠎ᠡ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠦᠨᠳᠦᠰᠦᠲᠡᠨ ᠤ ᠠᠵᠢᠯ ᠤᠨ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ | ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠦᠨᠳᠦᠰᠦᠲᠡᠨ ᠤ ᠤᠨᠤᠯ ᠪᠠ ᠦᠨᠳᠦᠰᠦᠲᠡᠨ ᠤ ᠠᠵᠢᠯ ᠤᠨ ᠴᠢᠬᠤᠯᠠ | ᠶᠡᠭᠡ ᠬᠡᠷᠡᠭ ᠶᠠᠪᠤᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠤ ᠲᠦᠷᠦ ᠶᠢᠨ ᠪᠣᠳᠣᠯᠭ᠎ᠠ ᠪᠠ ᠴᠥᠭᠡᠨ | ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠦᠷᠦ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ᠂ ᠠᠷᠭ᠎ᠠ | ᠵᠢᠴᠢ ᠬᠥᠭᠵᠢᠭᠦᠯᠦᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠪᠠᠳᠠᠨ ᠪᠠᠶᠢᠴᠠᠭᠠᠨ᠎ᠠ᠃ | ᠦᠨᠳᠦᠰᠦᠲᠡᠨ ᠤ ᠤᠨᠤᠯ᠂ ᠦᠨᠳᠦᠰᠦᠲᠡᠨ ᠤ ᠲᠦᠷᠦ ᠶᠢᠨ ᠪᠣᠳᠣᠯᠭ᠎ᠠ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠦᠷᠦ ᠶᠢᠨ | ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠵᠢᠯᠣᠭᠤᠳᠤᠨ᠎ᠠ᠃ | ︵ᠬᠤᠶᠠᠷ︶ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠪᠠ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢ | ᠬᠠᠷᠢᠭᠤᠴᠠᠨ᠎ᠠ᠃ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠨᠳᠦᠰᠦᠲᠡᠨ ᠤ ᠬᠠᠷᠢᠴᠠᠭᠠᠨ ᠳᠠᠬᠢ | ᠴᠢᠬᠤᠯᠠ ᠶᠡᠭᠡ ᠬᠡᠷᠡᠭ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠲᠤ ᠬᠤᠯᠪᠣᠭᠳᠠᠭᠰᠠᠨ ᠬᠡᠷᠡᠭ ᠶᠠᠪᠤᠳᠠᠯ ᠢ | ᠬᠢᠨᠠᠨ ᠰᠢᠢᠳᠪᠦᠷᠢᠯᠡᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠪᠠ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠢ ᠬᠦᠨᠳᠦᠳᠬᠡᠬᠦ᠂ | ᠯᠠᠯᠤ ᠶᠢᠨ ᠢᠳᠡᠭᠡᠨ ᠤ ᠬᠠᠮᠢᠶᠠᠷᠤᠯᠲᠠ ᠳᠤ ᠬᠤᠯᠪᠣᠭᠳᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠦᠨᠳᠦᠰᠦᠲᠡᠨ ᠤ ᠪᠦᠷᠢᠯᠳᠦᠭᠦᠨ ᠤ ᠬᠠᠮᠢᠶᠠᠷᠤᠯᠲᠠ ᠶᠢᠨ | ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠨᠡᠶᠢᠭᠡᠮ ᠤᠨ ᠲᠣᠭᠲᠠᠭᠤᠨ ᠪᠠᠶᠢᠳᠠᠯ ᠢ ᠵᠣᠬᠢᠴᠠᠭᠤᠯᠤᠨ ᠬᠠᠮᠠᠭᠠᠯᠠᠬᠤ ᠠᠵᠢᠯ ᠳᠤ ᠣᠷᠣᠯᠴᠠᠵᠤ᠂ | ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠤᠯᠤᠰ ᠣᠷᠣᠨ ᠤ ᠨᠢᠭᠡᠳᠦᠯ ᠢ ᠬᠠᠮᠠᠭᠠᠯᠠᠨ᠎ᠠ᠃ | ︵ᠭᠤᠷᠪᠠ︶ ᠴᠥᠭᠡᠨ ᠲᠣᠭᠠᠲᠤ ᠦᠨᠳᠦᠰᠦᠲᠡᠨ ᠤ ᠦᠢᠯᠡᠰ ᠪᠠ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠠᠵᠤ | ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠴᠥᠭᠡᠨ ᠲᠣᠭᠠᠲᠤ ᠦᠨᠳᠦᠰᠦᠲᠡᠨ ᠪᠠ ᠴᠥᠭᠡᠨ ᠲᠣᠭᠠᠲᠤ | ᠦᠨᠳᠦᠰᠦᠲᠡᠨ ᠤ ᠲᠥᠪᠯᠡᠷᠡᠨ ᠰᠠᠭᠤᠭ᠎ᠠ ᠭᠠᠵᠠᠷ ᠣᠷᠣᠨ ᠤ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠠᠯ᠎ᠠ ᠶᠢᠨ ᠠᠰᠠᠭᠤᠳᠠᠯ ᠢ ᠰᠤᠳᠤᠯᠤᠨ ᠵᠠᠳᠠᠯᠬᠤ ᠶᠢᠨ | ᠬᠠᠮᠲᠤ ᠣᠨᠴᠠᠭᠠᠶ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠵᠡᠷᠭᠡ ᠲᠤᠰᠬᠠᠢ | ᠲᠥᠯᠦᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠵᠤ᠂ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠬᠠᠮᠢᠶ᠎ᠠ ᠪᠦᠬᠦᠢ ᠬᠦᠷᠢᠶ᠎ᠡ | ᠴᠠᠷᠠᠭᠠᠨ ᠤ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠳᠤ ᠣᠷᠣᠯᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠰᠢᠪᠠᠳᠠᠵᠤ | ᠦᠨᠳᠦᠰᠦᠲᠡᠨ ᠤ ᠠᠵᠢᠯ ᠤᠨ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢ ᠨᠢ ᠭᠦᠢᠴᠡᠳᠬᠡᠭᠦᠯᠵᠦ᠂ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠠᠵᠤ | ᠠᠬᠤᠢ ᠶᠢᠨ ᠬᠥᠭᠵᠢᠯᠲᠡ ᠪᠠ ᠨᠡᠶᠢᠭᠡᠮ ᠤᠨ ᠦᠢᠯᠡᠰ ᠤᠨ ᠬᠤᠯᠪᠣᠭᠳᠠᠯ ᠪᠦᠬᠦᠢ ᠬᠦᠷᠢᠶᠡᠨ ᠳᠠᠬᠢ ᠬᠡᠷᠡᠭᠵᠢᠭᠦᠯᠦᠯᠲᠡ᠂ ᠵᠣᠯᠭᠠᠯᠳᠤᠯ ᠢ ᠠᠬᠢᠭᠤᠯᠤᠨ᠎ᠠ᠃ | ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠴᠡᠭᠡᠨ ᠤ ᠬᠡᠷᠡᠭᠰᠡᠯ ᠤᠨ ᠦᠢᠯᠡᠳᠪᠦᠷᠢᠯᠡᠯ ᠵᠡᠷᠭᠡ ᠬᠤᠯᠪᠣᠭᠳᠠᠯ ᠪᠦᠬᠦᠢ ᠠᠵᠢᠯ ᠢ ᠵᠣᠬᠢᠴᠠᠭᠤᠯᠬᠤ ᠳᠤ | ᠣᠷᠣᠯᠴᠠᠨ᠎ᠠ᠃ ᠦᠨᠳᠦᠰᠦᠲᠡᠨ ᠤ ᠭᠠᠵᠠᠷ ᠣᠷᠣᠨ ᠤ ᠬᠠᠮᠢᠶ᠎ᠠ ᠪᠦᠬᠦᠢ ᠪᠦᠷᠢᠳᠬᠡᠨ ᠵᠠᠳᠠᠯᠬᠤ ᠪᠠ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠤᠨ | ᠬᠥᠭᠵᠢᠯᠲᠡ ᠶᠢ ᠶᠡᠷᠦᠩᠬᠡᠶᠢᠯᠡᠨ ᠦᠨᠡᠯᠡᠬᠦ ᠵᠡᠷᠭᠡ ᠠᠵᠢᠯ ᠢ ᠡᠭᠦᠷᠭᠡᠯᠡᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠪᠠ | ᠦᠨᠳᠦᠰᠦᠲᠡᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠡᠷᠡᠭᠵᠢᠭᠦᠯᠬᠦ ᠶᠢ ᠠᠬᠢᠭᠤᠯᠤᠨ᠎ᠠ᠃ | ︵ᠳᠥᠷᠪᠡ︶ ᠴᠥᠭᠡᠨ ᠲᠣᠭᠠᠲᠤ ᠦᠨᠳᠦᠰᠦᠲᠡᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠠᠯ᠎ᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ | ᠴᠥᠭᠡᠨ ᠲᠣᠭᠠᠲᠤ ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠭ᠎ᠠ ᠭᠠᠵᠠᠷ ᠣᠷᠣᠨ ᠤ ᠰᠤᠷᠭᠠᠨ ᠬᠥᠮᠦᠵᠢᠯ᠂ ᠰᠣᠶᠣᠯ᠂ ᠪᠡᠶ᠎ᠡ ᠶᠢᠨ | ᠲᠠᠮᠢᠷ᠂ ᠡᠷᠡᠭᠦᠯ ᠬᠠᠮᠠᠭᠠᠯᠠᠯ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠤᠬᠠᠢ ᠣᠨᠴᠠᠭᠠᠶ ᠲᠦᠷᠦ ᠶᠢᠨ ᠪᠣᠳᠣᠯᠭ᠎ᠠ ᠶᠢᠨ | ᠪᠠᠶᠢᠭᠤᠯᠤᠯᠲᠠ ᠶᠢ ᠰᠤᠳᠤᠯᠤᠨ ᠳᠤᠷᠠᠳᠴᠤ ᠭᠠᠷᠭᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠦᠨᠳᠦᠰᠦᠲᠡᠨ ᠤ ᠰᠣᠶᠣᠯ ᠤᠨ | ᠠᠵᠢᠯᠯᠠᠭ᠎ᠠ᠂ ᠪᠡᠯᠭᠡᠯᠡᠬᠦ ᠠᠵᠢᠯᠯᠠᠭ᠎ᠠ ᠪᠠ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠳᠠᠭᠠᠭᠠᠨ ᠡᠷᠬᠢᠯᠡᠨ᠎ᠡ᠃ | ︵ᠲᠠᠪᠤ︶ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠲᠠᠯ᠎ᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠴᠥᠭᠡᠨ | ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ | ᠦᠰᠦᠭ ᠪᠢᠴᠢᠭ ᠤᠨ ᠰᠤᠷᠭᠠᠨ ᠬᠥᠮᠦᠵᠢᠯ᠂ ᠣᠷᠴᠢᠭᠤᠯᠭ᠎ᠠ᠂ ᠬᠡᠪᠯᠡᠯ ᠵᠢᠴᠢ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠦᠨᠳᠦᠰᠦᠲᠡᠨ ᠤ ᠲᠤᠯᠭᠤᠷ ᠪᠢᠴᠢᠭ ᠢ | ᠴᠤᠭᠯᠠᠭᠤᠯᠬᠤ᠂ ᠡᠮᠬᠢᠳᠬᠡᠬᠦ᠂ ᠬᠡᠪᠯᠡᠬᠦ ᠠᠵᠢᠯ ᠢ ᠵᠢᠯᠣᠭᠤᠳᠤᠨ᠎ᠠ᠃ | ︵ᠵᠢᠷᠭᠤᠭ᠎ᠠ︶ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠭᠠᠳᠠᠭᠠᠳᠤ ᠲᠠᠢ ᠰᠣᠯᠢᠯᠴᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠦᠨᠳᠦᠰᠦᠲᠡᠨ ᠤ | ᠠᠵᠢᠯ ᠤᠨ ᠬᠦᠷᠢᠶᠡᠨ ᠳᠠᠬᠢ ᠭᠠᠳᠠᠭᠠᠳᠤ ᠯᠤᠭ᠎ᠠ ᠪᠠ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ | ᠵᠣᠬᠢᠴᠠᠭᠤᠯᠤᠨ᠎ᠠ᠃ ᠦᠨᠳᠦᠰᠦᠲᠡᠨ ᠤ ᠬᠡᠷᠡᠭ ᠶᠠᠪᠤᠳᠠᠯ ᠳᠤ ᠬᠤᠯᠪᠣᠭᠳᠠᠬᠤ ᠭᠠᠳᠠᠭᠠᠳᠤ ᠤᠬᠠᠭᠤᠯᠭ᠎ᠠ ᠶᠢᠨ ᠠᠵᠢᠯ ᠳᠤ ᠣᠷᠣᠯᠴᠠᠨ᠎ᠠ᠃ | ︵ᠳᠣᠯᠤᠭ᠎ᠠ︶ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠢ ᠬᠥᠮᠥᠵᠢᠭᠦᠯᠬᠦ ᠪᠠ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ | ᠠᠵᠢᠯ ᠢ ᠬᠠᠷᠢᠭᠤᠴᠠᠨ᠎ᠠ᠃ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠣᠭᠲᠠᠭᠠᠬᠤ ᠳᠤ | ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠲᠠᠢ ᠬᠠᠷᠢᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠴᠥᠭᠡᠨ ᠲᠣᠭᠠᠲᠤ | ᠦᠨᠳᠦᠰᠦᠲᠡᠨ ᠤ ᠺᠠᠳ᠋ᠷ ᠢ ᠬᠥᠮᠥᠵᠢᠭᠦᠯᠬᠦ᠂ ᠰᠤᠷᠭᠠᠨ ᠬᠥᠮᠥᠵᠢᠭᠦᠯᠬᠦ ᠪᠠ ᠬᠡᠷᠡᠭᠯᠡᠬᠦ ᠠᠵᠢᠯ ᠢ ᠰᠠᠶᠢᠲᠤᠷ ᠬᠢᠨ᠎ᠡ᠃ | ︵ᠨᠠᠢᠮᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ | ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠬᠤᠶᠠᠷ᠂ ᠳᠤᠲᠤᠭᠠᠳᠤ ᠪᠠᠶᠢᠭᠤᠯᠤᠮᠵᠢ | ︵ᠨᠢᠭᠡ︶ ᠠᠯᠪᠠᠨ ᠭᠡᠷ | ︵ᠬᠤᠶᠠᠷ︶ ᠦᠨᠳᠦᠰᠦᠲᠡᠨ ᠤ ᠬᠡᠷᠡᠭ ᠶᠠᠪᠤᠳᠠᠯ ᠤᠨ ᠲᠠᠰᠤᠭ | ︵ᠭᠤᠷᠪᠠ︶ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠠᠰᠤᠭ | ᠭᠤᠷᠪᠠ᠂ ᠬᠠᠷᠢᠶ᠎ᠠ ᠪᠠᠶᠢᠭᠤᠯᠤᠮᠵᠢ | ︵ᠨᠢᠭᠡ︶ ᠰᠢᠨ᠎ᠡ ᠪᠠᠷᠭᠤ ᠪᠠᠷᠠᠭᠤᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠦᠢᠯᠡᠴᠢᠯᠡᠭᠡᠨ ᠤ ᠲᠥᠪ | ᠰᠢᠨ᠎ᠡ ᠪᠠᠷᠭᠤ ᠪᠠᠷᠠᠭᠤᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠦᠢᠯᠡᠴᠢᠯᠡᠭᠡᠨ ᠤ ᠲᠥᠪ ︵ᠰᠢᠨ᠎ᠡ ᠪᠠᠷᠭᠤ ᠪᠠᠷᠠᠭᠤᠨ ᠬᠤᠰᠢᠭᠤᠨ ᠤ | ᠣᠷᠴᠢᠭᠤᠯᠭ᠎ᠠ ᠶᠢᠨ ᠲᠥᠪ ᠤᠨ ᠫᠠᠶᠢᠰᠠ ᠡᠯᠭᠦᠨ᠎ᠡ︶ ᠪᠣᠯ ᠰᠢᠨ᠎ᠡ ᠪᠠᠷᠭᠤ ᠪᠠᠷᠠᠭᠤᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ︵ᠰᠢᠨ᠎ᠡ ᠪᠠᠷᠭᠤ | ᠪᠠᠷᠠᠭᠤᠨ ᠬᠤᠰᠢᠭᠤᠨ ᠤ ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ ᠤᠨ ᠫᠠᠶᠢᠰᠠ ᠡᠯᠭᠦᠨ᠎ᠡ︶ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ | ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠣᠨ᠎ᠠ᠂ ᠲᠤᠰ ᠪᠠᠶᠢᠭᠤᠯᠤᠮᠵᠢ ᠨᠢ ᠲᠠᠰᠤᠭ ᠤᠨ ᠲᠠᠰ ᠲᠠᠢ ᠲᠡᠩᠴᠡᠨ᠎ᠡ᠃ | ᠭᠤᠣᠯ ᠡᠭᠦᠷᠭᠡ ᠬᠠᠷᠢᠭᠤᠴᠠᠯᠭ᠎ᠠ᠄ | ︵ᠨᠢᠭᠡ︶ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠲᠦᠷᠦᠭᠦᠯᠡᠨ ᠵᠣᠬᠢᠶᠠᠨ ᠪᠠᠶᠢᠭᠤᠯᠤᠭᠰᠠᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠪᠠ ᠤᠬᠠᠭᠤᠯᠭ᠎ᠠ | ᠬᠥᠮᠦᠵᠢᠯ ᠤᠨ ᠬᠠᠮᠢᠶ᠎ᠠ ᠪᠦᠬᠦᠢ ᠲᠤᠰᠠᠯᠠᠬᠤ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃ | ︵ᠬᠤᠶᠠᠷ︶ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠦᠨᠳᠦᠰᠦᠲᠡᠨ ᠤ ᠰᠣᠶᠣᠯ ᠤᠨ ᠠᠵᠢᠯᠯᠠᠭ᠎ᠠ ᠦᠷᠨᠢᠭᠦᠯᠦᠨ᠂ ᠴᠥᠭᠡᠨ ᠲᠣᠭᠠᠲᠤ | ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠭᠤᠷᠪᠠ︶ ᠪᠥᠬᠦ ᠬᠤᠰᠢᠭᠤᠨ ᠤ ᠮᠣᠩᠭᠤᠯ ᠦᠭᠡ ᠬᠡᠯᠡ ᠥᠰᠥᠭ ᠪᠢᠴᠢᠭ ᠢ ᠳᠦᠷᠢᠮᠵᠢᠭᠦᠯᠬᠦ᠂ ᠪᠠᠷᠢᠮᠵᠢᠶᠠᠵᠢᠭᠤᠯᠬᠤ᠂ ᠮᠡᠳᠡᠭᠡ ᠵᠠᠩᠭᠢᠵᠢᠭᠤᠯᠬᠤ᠂ | ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠠᠮᠵᠢᠨ ᠥᠷᠨᠢᠭᠦᠯᠦᠨ᠎ᠡ᠃ | ︵ᠳᠥᠷᠪᠡ︶ ᠪᠥᠬᠦ ᠬᠤᠰᠢᠭᠤᠨ ᠤ ᠴᠥᠭᠡᠨ ᠲᠣᠭᠠᠲᠤ ᠦᠨᠳᠦᠰᠦᠲᠡᠨ ᠤ ᠲᠤᠯᠭᠤᠷ ᠪᠢᠴᠢᠭ ᠢ ᠠᠪᠤᠷᠠᠬᠤ᠂ ᠴᠤᠭᠯᠠᠭᠤᠯᠬᠤ᠂ ᠡᠮᠬᠢᠳᠬᠡᠬᠦ᠂ ᠬᠠᠮᠠᠭᠠᠯᠠᠬᠤ᠂ | ᠣᠷᠴᠢᠭᠤᠯᠬᠤ᠂ ᠰᠤᠳᠤᠯᠬᠤ᠂ ᠬᠡᠪᠯᠡᠭᠦᠯᠬᠦ᠂ ᠤᠬᠠᠭᠤᠯᠤᠨ ᠳᠡᠯᠭᠡᠨ ᠦᠵᠡᠭᠦᠯᠬᠦ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ᠲᠠᠪᠤ︶ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ | ᠵᠥᠪᠯᠡᠯᠭᠡᠨ ᠤ ᠴᠢᠬᠤᠯᠠ ᠪᠢᠴᠢᠭ ᠮᠠᠲ᠋ᠧᠷᠢᠶᠠᠯ᠂ ᠴᠢᠬᠤᠯᠠ ᠶᠡᠭᠡ ᠬᠤᠷᠠᠯ ᠤᠨ ᠮᠠᠲ᠋ᠧᠷᠢᠶᠠᠯ ᠢ ᠣᠷᠴᠢᠭᠤᠯᠬᠤ ᠠᠵᠢᠯ ᠢ ᠡᠭᠦᠷᠭᠡᠯᠡᠵᠦ᠂ ᠪᠤᠰᠤᠳ ᠰᠠᠯᠠᠭ᠎ᠠ ᠮᠥᠴᠢᠷ ᠤᠨ | ᠣᠷᠴᠢᠭᠤᠯᠬᠤ ᠠᠵᠢᠯ ᠢ ᠵᠢᠯᠣᠭᠤᠳᠤᠨ᠎ᠠ᠃ | ︵ᠵᠢᠷᠭᠤᠭ᠎ᠠ︶ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠳᠤ ᠬᠤᠯᠪᠣᠭᠳᠠᠬᠤ | ᠶᠡᠷᠦᠩᠬᠡᠶᠢᠯᠡᠭᠰᠡᠨ ᠦᠢᠯᠡᠴᠢᠯᠡᠭᠡ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠶᠠᠪᠤᠳᠠᠯ ᠤᠨ ᠴᠢᠨᠠᠷᠲᠠᠢ ᠠᠵᠢᠯ ᠢ ᠬᠠᠷᠢᠭᠤᠴᠠᠨ᠎ᠠ᠃ | ︵ᠲᠤᠯᠤᠭ᠎ᠠ︶ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠬᠠᠷᠢᠭᠤᠴᠠᠨ᠎ᠠ᠃ | | | ᠬᠠᠶ᠋ᠢᠭ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠯᠳ᠋ᠬᠠᠮᠡᠭᠡᠯ ᠪᠠᠯᠭᠠᠰᠤ ᠶᠢᠨ ᠬᠡᠷᠦᠯᠦᠨ ᠶᠡᠭᠡ ᠵᠡᠭᠡᠯᠢ ᠶᠢᠨ 56 ᠳ᠋ᠤᠭᠠᠷ ᠨᠣᠮᠧᠷᠲᠤ ᠠᠷᠠᠳ ᠲᠤ ᠳᠦᠭᠦᠮ | ᠦᠵᠡᠭᠦᠯᠬᠦ ᠶᠡᠷᠦᠩᠬᠡᠶᠢᠯᠡᠭᠰᠡᠨ ᠠᠰᠠᠷ ᠤᠨ ᠭᠤᠷᠪᠠᠳᠤᠭᠠᠷ ᠳᠠᠪᠬᠤᠷᠭ᠎ᠠ | ᠰᠢᠤᠳᠠᠨ ᠨᠣᠮᠧᠷ᠄ 021300 | ᠠᠯᠪᠠᠨ ᠤᠲᠠᠰᠤ᠄ 0470 - 6404276 | ᠠᠵᠢᠯᠯᠠᠬᠤ ᠴᠠᠭ᠄ 9᠄ 00 - 12᠄ 00᠂ 14᠄ 30 - 17᠄ 30 ︵ᠠᠮᠠᠷᠠᠯᠲᠠ ᠶᠢᠨ ᠡᠳᠦᠷ ᠠᠴᠠ ᠭᠠᠳᠠᠨ᠎ᠠ︶ | ᠬᠠᠷᠢᠭᠤᠴᠠᠬᠤ ᠬᠦᠮᠦᠨ᠄ ᠰᠠᠷᠠᠨ᠎ᠠ | | | 2022 ᠣᠨ ᠤ 4 ᠰᠠᠷ᠎ᠠ ᠶᠢᠨ 25 ᠤ ᠡᠳᠦᠷ | | |