ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠨ ᠯᠦᠩ ᠵᠡᠷᠭᠡ ᠤᠳᠤᠷᠢᠳᠤᠯᠭ᠎ᠠ ᠠᠯᠳ᠋ᠬᠠᠮᠡᠭᠡᠯ ᠪᠠᠯᠭᠠᠰᠤ᠂ ᠪᠤᠶᠢᠷ ᠰᠤᠮᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/5/9
   ᠣᠶᠢᠷ᠎ᠠ ᠳᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠨ ᠯᠦᠩ᠂ ᠳᠡᠳ᠋ ᠡᠷᠬᠢᠯᠡᠭᠴᠢ ᠠᠮᠢᠯᠠᠯ ᠵᠡᠷᠭᠡ ᠤᠳᠤᠷᠢᠳᠤᠯᠭ᠎ᠠ ᠠᠯᠳ᠋ᠬᠠᠮᠡᠭᠡᠯ ᠪᠠᠯᠭᠠᠰᠤ᠂ ᠪᠤᠶᠢᠷ ᠰᠤᠮᠤ ᠳᠤ ᠭᠦᠨᠵᠡᠭᠡᠶᠢᠷᠡᠨ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠪᠠ ᠭᠤᠣᠯᠳᠠᠯᠭ᠎ᠠ ᠲᠠᠢ ᠠᠵᠢᠯ ᠢ ᠬᠢᠨᠠᠨ ᠵᠢᠯᠤᠭᠤᠳᠴᠤ ᠪᠠᠶᠢᠴᠠᠭᠠᠨ ᠰᠤᠳᠤᠯᠪᠠ᠃ ᠰᠤᠮᠤ ᠪᠠᠯᠭᠠᠰᠤ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠳ ᠪᠠᠷ᠎ᠠ ᠪᠣᠯᠣᠯᠴᠠᠪᠠ᠃
   ᠴᠧᠨ ᠯᠦᠩ ᠨᠠᠷ ᠡᠩ ᠲᠡᠷᠢᠭᠦᠨ ᠳᠤ ᠲᠠᠭᠠᠭᠴᠢᠯᠠᠨ ᠲᠡᠳᠬᠦᠬᠦ ᠨᠡᠶᠢᠭᠡᠮ ᠲᠣᠭᠤᠷᠢᠭ ᠪᠣᠯᠬᠤ ᠠᠯᠳ᠋ᠬᠠᠮᠡᠭᠡᠯ ᠪᠠᠯᠭᠠᠰᠤ ᠶᠢᠨ ᠪᠤᠶᠢᠷ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠵᠤ ᠬᠢᠨᠠᠨ ᠵᠢᠯᠤᠭᠤᠳᠬᠤ ᠶᠢᠨ ᠬᠠᠮᠲᠤ᠂ ᠲᠤᠬᠠᠢ ᠶᠢᠨ ᠲᠠᠯᠠᠪᠤᠷ ᠲᠤ ᠬᠤᠯᠪᠣᠭᠳᠠᠯ ᠪᠦᠬᠦᠢ ᠡᠬᠡ ᠳᠠᠩᠰᠠ ᠶᠢ ᠪᠠᠶᠢᠴᠠᠭᠠᠨ ᠦᠵᠡᠪᠡ᠃ ᠴᠧᠨ ᠯᠦᠩ ᠵᠢᠭᠠᠵᠤ ᠭᠠᠷᠭᠠᠭᠰᠠᠨ ᠨᠢ᠂ ︽ᠬᠥᠮᠥᠨ ᠢᠶᠠᠷ ᠦᠨᠳᠦᠰᠦ ᠪᠣᠯᠭᠠᠵᠤ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠪᠠᠷᠢᠮᠲᠠᠯᠠᠵᠤ᠂ ᠸᠠᠺᠼᠢᠨ ᠤ ᠲᠠᠷᠢᠯᠭ᠎ᠠ ᠪᠠ ᠴᠢᠩᠭᠠᠳᠬᠠᠬᠤ ᠲᠠᠷᠢᠯᠭ᠎ᠠ ᠬᠢᠭᠡᠳᠦᠢ ᠬᠥᠮᠥᠰ ᠢ ᠵᠢᠭᠰᠠᠭᠠᠨ ᠪᠠᠶᠢᠴᠠᠭᠠᠬᠤ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠮᠡᠳᠡᠭᠡ ᠵᠠᠩᠭᠢ ᠪᠦᠷᠢᠨ ᠪᠤᠰᠤ ᠪᠠᠶᠢᠪᠠᠯ ᠴᠠᠭ ᠲᠤᠬᠠᠢ ᠳᠤᠨᠢ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠰᠠᠶᠢᠲᠤᠷ ᠵᠣᠯᠭᠠᠭᠤᠯᠵᠤ᠂ ᠡᠬᠡ ᠲᠠᠩᠰᠠ ᠶᠢᠨ ᠬᠥᠳᠡᠯᠦᠯ ᠪᠠᠶᠢᠳᠠᠯ ᠢ ᠴᠠᠭ ᠲᠤᠬᠠᠢ ᠳᠤᠨᠢ ᠰᠢᠨᠡᠳᠬᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠸᠠᠺᠼᠢᠨ ᠤ ᠲᠠᠷᠢᠯᠭ᠎ᠠ ᠬᠢᠭᠰᠡᠳ ᠢ ᠨᠢᠭᠡ ᠬᠥᠮᠥᠨ ᠢ ᠴᠤ ᠣᠷᠬᠢᠭᠳᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠸᠠᠺᠼᠢᠨ ᠤ ᠲᠠᠷᠢᠯᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃
     ᠪᠣᠶᠢᠷ ᠰᠤᠮᠤ ᠳᠤ᠂ ᠰᠤᠮᠤ ᠶᠢᠨ ᠸᠠᠺᠼᠢᠨ ᠤ ᠲᠠᠷᠢᠯᠭ᠎ᠠ ᠶᠢᠨ ᠠᠵᠢᠯ ᠤᠨ ᠬᠤᠯᠪᠣᠭᠳᠠᠯ ᠪᠦᠬᠦᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠸᠠᠺᠼᠢᠨ ᠤ ᠲᠠᠷᠢᠯᠭ᠎ᠠ ᠶᠢᠨ ᠠᠵᠢᠯ ᠤᠨ ᠠᠬᠢᠴᠠ ᠵᠢᠴᠢ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠨᠠᠷᠢᠨ ᠬᠢᠨᠠᠮᠠᠭᠠᠢ ᠠᠰᠠᠭᠤᠨ ᠯᠠᠪᠯᠠᠬᠤ ᠶᠢᠨ ᠬᠠᠮᠲᠤ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠬᠦᠷᠦᠯᠴᠡᠬᠦ ᠦᠭᠡᠢ ᠲᠠᠯ᠎ᠠ ᠶᠢ ᠵᠢᠭᠠᠨ ᠵᠢᠯᠣᠭᠤᠳᠪᠠ᠃ ᠳᠠᠷᠠᠭ᠎ᠠ ᠨᠢ᠂ ᠸᠠᠺᠼᠢᠨ ᠤ ᠲᠠᠷᠢᠯᠭ᠎ᠠ ᠬᠢᠭᠰᠡᠨ ᠦᠭᠡᠢ ᠬᠡᠰᠡᠭ ᠮᠠᠯᠴᠢᠳ ᠢ ᠰᠤᠷᠪᠤᠯᠵᠢᠯᠠᠵᠤ᠂ ᠸᠠᠺᠼᠢᠨ ᠤ ᠲᠠᠷᠢᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠸᠠᠺᠼᠢᠨ ᠤ ᠲᠠᠷᠢᠯᠭ᠎ᠠ ᠶᠢ ᠪᠡᠶᠡᠯᠡᠭᠦᠯᠦᠭᠰᠡᠨ ᠦᠭᠡᠢ ᠭᠤᠣᠯ ᠰᠢᠯᠲᠠᠭᠠᠨ ᠢ ᠣᠶᠢᠯᠠᠭᠠᠬᠤ ᠶᠢᠨ ᠬᠠᠮᠲᠤ᠂ ᠮᠠᠯᠴᠢᠨ ᠲᠦᠮᠡᠨ ᠳᠤ 60 ᠨᠠᠰᠤᠨ   ᠠᠴᠠ ᠳᠡᠭᠡᠭᠰᠢᠬᠢ ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠬᠢᠵᠦ ᠤᠷᠢᠳᠴᠢᠯᠠᠨ ᠰᠡᠷᠭᠡᠶᠢᠯᠡᠬᠦ ᠶᠢᠨ ᠴᠢᠬᠤᠯᠠ ᠴᠢᠨᠠᠷ ᠢ ᠨᠠᠷᠢᠨ ᠬᠢᠨᠠᠮᠠᠭᠠᠢ ᠤᠬᠠᠭᠤᠯᠤᠨ ᠲᠠᠶᠢᠯᠪᠤᠷᠢᠯᠠᠵᠤ᠂ ᠸᠠᠺᠼᠢᠨ ᠤ ᠲᠠᠷᠢᠯᠭ᠎ᠠ ᠶᠢᠨ ᠲᠥᠷᠥ ᠶᠢᠨ ᠪᠣᠳᠣᠯᠭ᠎ᠠ ᠪᠠ ᠡᠷᠡᠭᠦᠯ ᠮᠡᠨᠳᠦ ᠶᠢᠨ ᠮᠡᠳᠡᠯᠭᠡ ᠶᠢ ᠶᠡᠭᠡ ᠪᠠᠷ ᠤᠬᠠᠭᠤᠯᠬᠤ ᠶᠢᠨ ᠬᠠᠮᠲᠤ᠂ ᠰᠤᠮᠤ ᠭᠠᠴᠠᠭ᠎ᠠ ᠶᠢᠨ ᠤᠳᠤᠷᠢᠳᠬᠤ ᠺᠠᠳ᠋ᠷᠴᠤᠳ ᠤᠨ ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ ᠪᠠᠷ ᠪᠥᠬᠦ ᠠᠷᠠᠳ ᠤᠨ ᠡᠪᠡᠳᠴᠢᠨ ᠢ ᠡᠰᠡᠷᠭᠦᠴᠡᠬᠦ ᠬᠠᠯᠬᠠᠪᠴᠢ ᠶᠢ ᠢᠳᠡᠪᠬᠢᠲᠡᠢ ᠪᠠᠷ ᠪᠠᠲᠤ ᠪᠠᠬᠢ ᠪᠠᠶᠢᠭᠤᠯᠬᠤ ᠶᠢ ᠵᠣᠷᠢᠭᠵᠢᠭᠤᠯᠪᠠ᠃
     ᠴᠧᠨ ᠯᠦᠩ᠂ ᠨᠢᠭᠡ ᠳᠤ᠂ ᠣᠳᠣᠬᠠᠨ ᠳᠤ ᠸᠠᠺᠼᠢᠨ ᠤ ᠲᠠᠷᠢᠯᠭ᠎ᠠ ᠶᠢᠨ ᠠᠵᠢᠯ ᠢ ᠲᠦᠷᠭᠡᠳᠬᠡᠨ ᠠᠬᠢᠭᠤᠯᠬᠤ ᠬᠡᠷᠡᠭᠲᠡᠢ᠂ ᠡᠨᠡ ᠪᠣᠯ ᠬᠤᠰᠢᠭᠤᠨ ᠤ ᠨᠠᠮ ᠤᠨ ᠬᠤᠷᠢᠶ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠤᠭ ᠤᠨ ᠰᠢᠨ᠎ᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠡᠯ᠎ᠡ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭᠠᠢ ᠪᠠᠷ ᠠᠵᠢᠯ ᠬᠢᠬᠦ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠬᠠᠮᠢᠶ᠎ᠠ ᠪᠦᠬᠦᠢ ᠠᠰᠠᠭᠤᠳᠠᠯ ᠢ ᠰᠢᠢᠳᠪᠦᠷᠢᠯᠡᠨ᠂ ᠨᠠᠰᠤᠲᠠᠶᠢᠴᠤᠳ ᠵᠢᠴᠢ ᠭᠡᠷ ᠪᠦᠯᠢ ᠶᠢᠨ ᠬᠢᠨ ᠤ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ ᠲᠥᠭᠡᠷᠢᠭᠳᠡᠯ ᠢ ᠲᠠᠶᠢᠯᠬᠤ ᠠᠵᠢᠯ ᠢ ᠰᠠᠶᠢᠲᠤᠷ ᠬᠢᠵᠦ᠂ ᠲᠡᠳᠡᠨ ᠢ ᠬᠥᠲᠥᠯᠥᠨ ᠵᠢᠯᠤᠭᠤᠳᠴᠤ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠢ ᠰᠢᠨᠵᠢᠯᠡᠬᠦ ᠤᠬᠠᠭᠠᠨᠴᠢ ᠪᠠᠷ ᠳᠠᠷᠢᠭᠤᠯᠬᠤ ᠬᠡᠷᠡᠭᠲᠡᠢ᠃ ᠲᠠᠷᠢᠯᠭ᠎ᠠ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ︽ᠭᠥᠯᠢᠶᠡᠨ ᠠᠪᠤᠪᠠᠯ ᠵᠣᠬᠢᠬᠤ ᠶᠢ ᠨᠢ ᠴᠥᠮ ᠭᠥᠯᠢᠶᠡᠨ ᠠᠪᠬᠤ︾ ︽ᠭᠥᠯᠢᠶᠡᠨ ᠠᠪᠤᠪᠠᠯ ᠵᠣᠬᠢᠬᠤ ᠶᠢ ᠨᠢ ᠵᠠᠪᠠᠯ ᠭᠥᠯᠢᠶᠡᠨ ᠠᠪᠬᠤ︾ ︽ᠭᠥᠯᠢᠶᠡᠨ ᠠᠪᠤᠪᠠᠯ ᠵᠣᠬᠢᠬᠤ ᠶᠢ ᠨᠢ ᠲᠦᠷᠭᠡᠨ ᠭᠥᠯᠢᠶᠡᠨ ᠠᠪᠬᠤ︾ ᠶᠢ ᠪᠡᠶᠡᠯᠡᠭᠦᠯᠬᠦ ᠬᠡᠷᠡᠭᠲᠡᠢ᠃ ᠰᠤᠮᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠤᠨ᠂ ᠮᠠᠯᠴᠢᠨ ᠲᠦᠮᠡᠨ ᠳᠤ ᠸᠠᠺᠼᠢᠨ ᠤ ᠬᠤᠪᠢ ᠬᠥᠮᠥᠨ ᠤ ᠡᠷᠡᠭᠦᠯ ᠮᠡᠨᠳᠦ ᠶᠢ ᠬᠠᠮᠠᠭᠠᠯᠠᠬᠤ᠂ ᠬᠢᠵᠢᠭ ᠤᠨ ᠪᠠᠶᠢᠳᠠᠯ ᠢ ᠡᠵᠡᠮᠳᠡᠬᠦ ᠲᠠᠯ᠎ᠠ ᠪᠠᠷ ᠬᠢ ᠪᠦᠲᠦᠮᠵᠢᠲᠡᠶ ᠦᠢᠯᠡᠳᠦᠯ ᠢ ᠶᠡᠬᠡᠪᠡᠷ ᠤᠬᠠᠭᠤᠯᠵᠤ᠂ ᠸᠠᠺᠼᠢᠨ ᠤ ᠲᠠᠷᠢᠯᠭ᠎ᠠ ᠶᠢᠨ ᠲᠤᠬᠠᠢ ᠰᠠᠨᠠᠭᠠᠰᠢᠷᠠᠯ ᠪᠠ ᠡᠷᠡᠭᠡᠯᠵᠡᠭᠡ ᠶᠢ ᠠᠷᠢᠯᠭᠠᠵᠤ᠂ ᠪᠥᠬᠦ ᠠᠷᠠᠳ ᠤᠨ ᠡᠪᠡᠳᠴᠢᠨ ᠢ ᠡᠰᠡᠷᠭᠦᠴᠡᠬᠦ ᠬᠠᠯᠬᠠᠪᠴᠢ ᠶᠢ ᠲᠦᠷᠭᠡᠳᠬᠡᠨ ᠪᠠᠬᠢᠵᠢᠭᠦᠯᠬᠦ ᠬᠡᠷᠡᠭᠲᠡᠢ᠃ ᠬᠤᠶᠠᠷ ᠲᠤ ᠰᠤᠮᠤᠨ ᠤ ᠪᠦᠬᠦ ᠨᠠᠮ ᠤᠨ ᠭᠡᠰᠢᠭᠦᠨ ᠺᠠᠳ᠋ᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠦᠵᠡᠯᠲᠡ ᠪᠠᠨ ᠬᠤᠪᠢᠷᠠᠭᠤᠯᠬᠤ᠂ ᠰᠤᠷᠲᠠᠯ ᠢᠶᠠᠨ ᠴᠢᠩᠭᠠᠳᠬᠠᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠬᠤ᠂ ᠳᠦᠷᠢ ᠲᠥᠷᠬᠦ ᠶᠢ ᠪᠤᠶ ᠪᠣᠯᠭᠠᠬᠤ︾ ᠰᠤᠷᠤᠯᠴᠠᠯᠭ᠎ᠠ ᠦᠢᠯᠡᠳᠦᠯᠭᠡ ᠶᠢᠨ ᠠᠵᠢᠯᠯᠠᠭ᠎ᠠ ᠶᠢ ᠣᠳᠣᠬᠠᠨ ᠤ ᠭᠤᠣᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠣᠶᠢᠷ᠎ᠠ ᠶᠢᠨ ᠬᠤᠭᠤᠴᠠᠭᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ᠂ ᠬᠥᠭᠵᠢᠯᠲᠡ ᠶᠢᠨ ᠣᠶᠢᠯᠠᠭᠠᠭᠳᠠᠬᠤᠨ ᠢᠶᠠᠨ ᠴᠢᠨᠠᠭᠰᠢᠳᠠ ᠰᠢᠯᠢᠳᠡᠭᠵᠢᠭᠦᠯᠵᠦ᠂ ᠠᠵᠢᠯ ᠤᠨ ᠰᠡᠳᠬᠢᠴᠡ ᠪᠠᠨ ᠨᠠᠷᠢᠯᠢᠭᠵᠢᠭᠤᠯᠵᠤ᠂ ᠪᠣᠳᠠᠲᠠᠢ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠵᠤ᠂ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ ᠰᠤᠮᠤᠨ ᠤ ᠡᠯ᠎ᠡ ᠵᠦᠢᠯ ᠤᠨ ᠠᠵᠢᠯ ᠦᠢᠯᠡᠰ ᠤᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号