ᠪᠥᠬᠡᠪᠠᠶᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠳᠥᠷᠪᠡᠳᠦᠭᠡᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/1
      5 ᠰᠠᠷ᠎ᠠ ᠶᠢᠨ 31 ᠤ ᠡᠳᠦᠷ᠂ ᠨᠠᠮ ᠵᠠᠰᠠᠭ ᠤᠨ ᠠᠵᠢᠯᠯᠠᠬᠤ ᠠᠰᠠᠷ ᠤᠨ ᠨᠢᠭᠡᠳᠦᠭᠡᠷ ᠳᠠᠪᠬᠤᠷᠭ᠎ᠠ ᠶᠢᠨ ᠬᠤᠷᠠᠯ ᠤᠨ ᠭᠡᠷ ᠲᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠥᠬᠡᠪᠠᠶᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠳᠥᠷᠪᠡᠳᠦᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠬᠢᠨᠠᠨ ᠪᠤᠳᠤᠬᠤ ᠠᠵᠢᠯ ᠢ ᠪᠥᠬᠦ ᠲᠠᠯ᠎ᠠ ᠪᠠᠷ ᠳ᠋ᠦᠩᠨᠡᠨ᠂ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠮᠠᠭᠠᠳᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠢᠶᠠᠨ ᠹᠧᠩ ᠯᠢᠨ᠂ ᠯᠦ ᠰᠢᠨ᠂ ᠳ᠋ᠦ᠋ ᠴᠧᠩ᠂ ᠸᠠᠩ ᠶᠢᠩ ᠬᠤ᠋ ᠬᠤᠷᠠᠯ ᠳᠤ ᠣᠷᠣᠯᠴᠠᠪᠠ᠃      ᠬᠤᠷᠠᠯ ᠳᠤ ᠳᠡᠭᠡᠳᠦ ᠱᠠᠲᠤᠨ ᠤ ᠤᠳᠤᠷᠢᠳᠤᠯᠭ᠎ᠠ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ 2021 ᠣᠨ ᠤ ᠬᠢᠨᠠᠨ ᠪᠣᠳᠣᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠪᠠ᠃
     ᠪᠥᠬᠡᠪᠠᠶᠠᠷ ᠶᠠᠷᠢᠶᠠᠨ ᠳᠠᠭᠠᠨ᠂ ᠥᠩᠭᠡᠷᠡᠭᠰᠡᠨ ᠨᠢᠭᠡ ᠵᠢᠯ ᠳᠤ᠂ ᠬᠢᠨᠠᠨ ᠪᠤᠳᠤᠬᠤ ᠰᠠᠯᠠᠭ᠎ᠠ ᠮᠥᠴᠢᠷ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ ᠲᠥᠰᠥᠪ ᠤᠨ ᠭᠦᠢᠴᠡᠳᠬᠡᠯ ᠢ ᠬᠢᠨᠠᠨ ᠪᠤᠳᠤᠬᠤ᠂ ᠠᠵᠤ ᠠᠬᠤᠢ ᠶᠢᠨ ᠭᠦᠢᠴᠡᠳᠬᠡᠯ ᠢ ᠬᠢᠨᠠᠨ ᠪᠤᠳᠤᠬᠤ ᠪᠠ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ᠂ ᠢᠨᠵᠧᠨᠧᠷᠢᠩ ᠤᠨ ᠪᠡᠯᠡ ᠣᠷᠣᠭᠤᠯᠤᠯᠲᠠ ᠶᠢ ᠬᠢᠨᠠᠨ ᠪᠤᠳᠤᠬᠤ ᠵᠡᠷᠭᠡ ᠲᠤᠰᠬᠠᠢ ᠬᠢᠨᠠᠨ ᠪᠤᠳᠤᠬᠤ ᠠᠵᠢᠯ ᠢ ᠨᠡᠯᠢᠶᠡᠳ ᠰᠠᠶᠢᠨ ᠪᠡᠶᠡᠯᠡᠭᠦᠯᠵᠦ᠂ ᠬᠢᠨᠠᠨ ᠪᠤᠳᠤᠬᠤ ᠬᠢᠨᠠᠯᠲᠠ ᠲᠠᠯᠪᠢᠬᠤ ᠦᠢᠯᠡᠴᠢᠯᠡᠭᠡ ᠪᠠ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠪᠠ ᠭᠡᠵᠡᠢ᠃      ᠪᠥᠬᠡᠪᠠᠶᠠᠷ ᠴᠢᠬᠤᠯᠠᠴᠢᠯᠠᠭᠰᠠᠨ ᠨᠢ᠂ ᠬᠤᠰᠢᠭᠤᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠬᠢᠨᠠᠨ ᠪᠤᠳᠤᠬᠤ ᠠᠵᠢᠯ ᠤᠨ ᠵᠥᠪ ᠴᠢᠭᠯᠡᠯ ᠢ ᠪᠠᠲᠤ ᠡᠵᠡᠮᠳᠡᠵᠦ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ︽ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ︾ ᠭᠡᠬᠦ ᠡᠨᠡᠬᠦ ᠤᠯᠤᠰ ᠲᠦᠷᠦ ᠶᠢᠨ ᠵᠠᠷᠴᠢᠮ᠂ ︽ᠬᠢᠨᠠᠨ ᠪᠤᠳᠤᠵᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠪᠦᠬᠦ ᠲᠠᠯ᠎ᠠ ᠪᠠᠷ ᠭᠦᠢᠴᠡᠳᠬᠡᠬᠦ︾ ᠭᠡᠬᠦ ᠡᠨᠡᠬᠦ ᠲᠡᠦᠬᠡᠲᠦ ᠬᠠᠷᠢᠭᠤᠴᠠᠯᠭ᠎ᠠ ᠵᠢᠴᠢ ︽ᠭᠤᠷᠪᠠ ᠶᠢ ᠪᠣᠢ ᠪᠣᠯᠭᠠᠬᠤ︾ ᠠᠭᠤᠯᠤᠭᠳᠠᠬᠤᠨ ᠤ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠬᠦ ᠬᠡᠷᠡᠭᠲᠡᠢ᠃ ᠬᠢᠨᠠᠨ ᠪᠤᠳᠤᠬᠤ ᠰᠠᠯᠠᠭ᠎ᠠ ᠮᠥᠴᠢᠷ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ᠲᠥᠪᠯᠡᠷᠡᠯ ᠤᠨ ᠴᠡᠭ ᠢᠶᠠᠨ ᠣᠨᠣᠪᠴᠢᠲᠠᠢ ᠡᠷᠢᠵᠦ᠂ ᠪᠦᠷᠬᠦᠴᠡ ᠶᠢᠨ ᠬᠡᠪᠴᠢᠶ᠎ᠡ ᠶᠢ ᠦᠷᠭᠡᠳᠬᠡᠨ᠂ ᠰᠠᠶᠢᠨ ᠬᠡᠪ ᠰᠤᠷᠲᠠᠯ ᠢ ᠪᠤᠢ ᠪᠣᠯᠭᠠᠵᠤ᠂ ᠮᠡᠳᠡᠬᠦᠢ ᠬᠢᠬᠦᠢ ᠪᠠᠨ ᠨᠢᠭᠡᠳᠬᠡᠬᠦ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠬᠢᠨᠠᠨ ᠪᠤᠳᠤᠵᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠴᠢᠨᠠᠷ ᠰᠠᠶᠢᠲᠠᠢ ᠭᠦᠢᠴᠡᠳᠬᠡᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠂ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠨᠢᠭᠡ ᠠᠴᠠ ᠵᠦᠢᠴᠢᠯᠡᠵᠦ ᠭᠤᠷᠪᠠ ᠶᠢ ᠮᠡᠳᠡᠬᠦ ᠳᠦᠷᠢᠮ ᠤᠨ ᠳᠤᠲᠠᠭᠳᠠᠯ ᠢ ᠠᠷᠢᠯᠭᠠᠵᠤ᠂ ᠡᠷᠬᠡ ᠶᠢ ᠵᠢᠷᠤᠮᠵᠢᠭᠤᠯᠤᠨ ᠠᠵᠢᠯᠯᠠᠭᠤᠯᠬᠤ᠂ ᠪᠡᠯᠡ ᠮᠥᠩᠭᠦ ᠶᠢ ᠥᠨᠳᠥᠷ ᠪᠦᠲᠦᠮᠵᠢᠲᠡᠶ ᠬᠡᠷᠡᠭᠯᠡᠬᠦ᠂ ᠲᠥᠷᠥᠯ ᠵᠦᠢᠯ ᠢ ᠬᠦᠴᠦᠲᠡᠢ ᠠᠬᠢᠭᠤᠯᠬᠤ ᠶᠢ ᠠᠬᠢᠭᠤᠯᠵᠤ᠂ ᠬᠢᠨᠠᠨ ᠪᠤᠳᠤᠬᠤ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号