ᠪᠥᠬᠡᠪᠠᠶᠠᠷ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠢ ᠳᠠᠭᠠᠭᠤᠯᠤᠨ ᠲᠤᠬᠠᠢ ᠶᠢᠨ ᠲᠠᠯᠠᠪᠤᠷ ᠲᠤ ᠠᠵᠢᠯᠯᠠᠵᠤ ᠬᠤᠳᠠ ᠶᠢᠨ ᠲᠡᠰ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷᠯᠢᠭ ᠬᠥᠭᠵᠢᠯᠲᠡ ᠶᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2022/6/1
     5 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠥᠬᠡᠪᠠᠶᠠᠷ ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠢ ᠳᠠᠭᠠᠭᠤᠯᠤᠨ᠂ ᠲᠡᠭᠷᠢ ᠶᠢᠨ ᠬᠠᠶᠠᠭ᠎ᠠ ᠴᠡᠴᠡᠷᠯᠢᠭ᠂ ᠬᠦᠳᠡᠭᠡ ᠨᠠᠭᠤᠷ ᠴᠡᠴᠡᠷᠯᠢᠭ᠂ ᠪᠠᠷᠭᠤ ᠠᠮᠢ ᠠᠬᠤᠢ ᠶᠢᠨ ᠬᠦᠷᠢᠶᠡᠯᠡᠩ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠲᠤ ᠭᠦᠨᠵᠡᠭᠡᠶᠢᠷᠡᠨ᠂ ᠬᠤᠲᠠ ᠶᠢᠨ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠤᠭᠤᠳᠴᠤ᠂ ᠲᠥᠷᠥᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠲᠦᠯᠬᠢᠨ ᠠᠬᠢᠭᠤᠯᠪᠠ᠃ ᠳᠠᠰᠢᠵᠠᠮᠰᠤ᠂ ᠲᠢᠶᠠᠨ ᠹᠧᠩ ᠯᠢᠨ᠂ ᠪᠠᠢ ᠴᠦᠨ ᠮᠧᠢ᠂ ᠯᠦ ᠰᠢᠨ᠂ ᠸᠠᠩ ᠰᠢᠶᠣᠣ ᠹᠧᠢ ᠨᠠᠷ ᠪᠠᠷ᠎ᠠ ᠪᠣᠯᠣᠯᠴᠠᠪᠠ᠃
     ᠤᠯᠠᠨ ᠢᠶᠠᠷ ᠢᠶᠠᠨ ᠶᠠᠪᠤᠬᠤ ᠶᠢᠨ ᠳᠠᠭᠠᠤ ᠦᠵᠡᠵᠦ᠂ ᠡᠯ᠎ᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠢᠯᠯᠠᠭᠠᠨ ᠤ ᠪᠠᠶᠢᠳᠠᠯ ᠢ ᠨᠠᠷᠢᠯᠢᠭ ᠣᠶᠢᠯᠠᠭᠠᠪᠠ᠃ ᠪᠥᠬᠡᠪᠠᠶᠠᠷ᠂ ᠭᠤᠣᠯᠳᠠᠯᠭ᠎ᠠ ᠲᠠᠢ ᠲᠦᠷᠦᠯ ᠵᠦᠢᠯ ᠪᠣᠯ ᠣᠷᠣᠨ ᠪᠦᠰᠡ ᠶᠢᠨ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠳᠠᠶᠢᠴᠢᠯᠠᠬᠤ ᠴᠢᠬᠤᠯᠠ ᠬᠥᠳᠡᠯᠭᠡᠭᠦᠷ ᠮᠥᠨ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠨ᠂ ᠬᠤᠳᠠ ᠶᠢᠨ ᠨᠠᠮ ᠤᠨ ᠬᠤᠷᠢᠶᠠᠨ ᠤ ︽ᠲᠠᠪᠤᠨ ᠶᠡᠭᠡ ᠠᠵᠢᠯᠯᠠᠭ᠎ᠠ ᠶᠢᠨ ᠲᠥᠯᠥᠪᠯᠡᠭᠡ︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳᠠᠪᠠᠷ ᠪᠣᠳᠣᠯᠬᠢᠯᠠᠨ᠂ ᠪᠣᠬᠢᠷᠳᠤᠯ ᠦᠭᠡᠢ ᠬᠦᠭᠵᠢᠭᠦᠯᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠲᠦᠷᠦᠯ ᠵᠦᠢᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠰᠢᠵᠢᠷ ᠠᠯᠳᠠᠨ ᠬᠤᠭᠤᠴᠠᠭ᠎ᠠ ᠶᠢ ᠠᠳᠬᠤᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠵᠦ᠂ ᠪᠦᠯᠬᠦᠮᠳᠡᠨ ᠬᠠᠮᠵᠢᠯᠴᠠᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠵᠢᠯᠣᠭᠤᠳᠤᠯᠭ᠎ᠠ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠦᠴᠢᠷᠳᠡᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ ᠥᠭᠬᠦ ᠬᠡᠷᠡᠭᠲᠡᠢ ᠭᠡᠵᠡᠢ᠃
     ᠪᠥᠬᠡᠪᠠᠶᠠᠷ ᠪᠠᠰᠠ ᠴᠢᠩᠭᠠᠳᠬᠠᠬᠤ ᠳᠠᠭᠠᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠷᠠᠯᠵᠢᠶᠠᠴᠢᠨ ᠤᠷᠢᠬᠤ ᠠᠵᠢᠯ ᠤᠨ ᠲᠤᠰᠬᠠᠢ ᠠᠩᠭᠢ ᠰᠣᠶᠣᠯ ᠵᠤᠭᠠᠴᠠᠯ ᠤᠨ ᠠᠵᠤ ᠦᠢᠯᠡᠰ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠥᠭᠵᠢᠯᠲᠡ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠰᠣᠶᠣᠯ ᠵᠤᠭᠠᠴᠠᠯ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠵᠢᠭᠤᠯᠴᠢᠯᠠᠯ ᠤᠨ ᠠᠭᠤᠯᠤᠭᠳᠠᠬᠤᠨ ᠢ ᠪᠠᠶᠠᠯᠢᠭᠵᠢᠭᠤᠯᠵᠤ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠵᠢᠭᠤᠯᠴᠢᠯᠠᠯ ᠤᠨ ᠬᠦᠭᠵᠢᠶᠡᠨᠲᠦ ᠤᠯᠠᠷᠢᠯ ᠢ ᠤᠭᠲᠤᠬᠤ ᠡᠯ᠎ᠡ ᠵᠦᠢᠯ ᠤᠨ ᠪᠡᠯᠡᠳᠬᠡᠯ ᠢ ᠭᠦᠢᠴᠡᠳ ᠬᠢᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号