ᠬᠥᠮᠥᠨ ᠳᠤᠮᠳᠠᠴᠢ 1.5 ᠲᠦᠮᠡᠨ ᠲᠥᠭᠦᠷᠢᠭ ᠲᠤ ᠣᠶᠢᠷᠠᠲᠤᠪᠠ︕ ᠮᠠᠨ ᠤ ᠣᠷᠣᠨ ᠤ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠴᠡᠪᠡᠷ ᠣᠷᠣᠯᠭ᠎ᠠ ᠶᠡᠭᠡ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2022/6/10
     ︽ᠣᠳᠣᠬᠠᠨ ᠳᠤ᠂ ᠪᠥᠬᠦ ᠣᠷᠣᠨ ᠤ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠬᠥᠮᠥᠨ ᠳᠤᠮᠳᠠᠴᠢ ᠴᠡᠪᠡᠷ ᠣᠷᠣᠯᠭ᠎ᠠ 14951 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.98% ᠪᠠᠷ ᠨᠡᠮᠡᠭᠳᠡᠨ᠂ ᠪᠥᠬᠦ ᠤᠯᠤᠰ ᠤᠨ ᠲᠠᠩᠰᠠ ᠪᠠ ᠺᠠᠷᠲ ᠲᠠᠢ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠲᠠᠢ 25 ᠮᠤᠵᠢ ᠣᠷᠣᠨ ᠬᠤᠲᠠ ᠶᠢᠨ ᠳᠣᠲᠣᠷ᠎ᠠ ᠭᠤᠷᠪᠠᠳᠤᠭᠠᠷ ᠪᠠᠶᠢᠷᠢ ᠳᠤ ᠵᠢᠭᠰᠠᠭᠠᠭᠳᠠᠪᠠ︾᠃ 6 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ︽ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠤᠶ᠎ᠠ︾ ᠭᠡᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠰᠣᠨᠢᠨ ᠮᠡᠳᠡᠭᠡ ᠥᠭᠦᠯᠡᠭᠴᠢ ᠢᠩᠭᠢᠵᠦ ᠲᠠᠨᠢᠯᠴᠠᠭᠤᠯᠪᠠ᠃      ᠣᠶᠢᠯᠠᠭᠠᠭᠰᠠᠨ ᠢᠶᠠᠷ᠂ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠲᠠᠯ᠎ᠠ ᠪᠠᠷ᠂ ᠮᠠᠨ ᠤ ᠣᠷᠣᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠲᠤᠬᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠭᠵᠢᠯᠲᠡ ᠶᠢ ᠲᠦᠷᠭᠡᠳᠬᠡᠨ ᠠᠬᠢᠭᠤᠯᠬᠤ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠨᠥᠬᠦᠴᠡᠯ ᠳᠤ ᠨᠡᠶᠢᠴᠡᠭᠰᠡᠨ ᠶᠠᠳᠠᠭᠤ ᠠᠴᠠ ᠠᠩᠭᠢᠵᠢᠷᠠᠭᠰᠠᠨ ᠬᠤᠰᠢᠭᠤ ᠰᠢᠶᠠᠨ ᠢ 18 ᠳᠠᠪᠠᠭᠤᠯᠢᠭ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠠᠵᠤ ᠦᠢᠯᠡᠰ ᠤᠨ ᠪᠦᠰᠡ᠂ 13 ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠴᠤᠭᠯᠠᠷᠠᠯ ᠤᠨ ᠭᠤᠣᠯᠳᠠᠯᠭ᠎ᠠ ᠲᠠᠢ ᠬᠤᠰᠢᠭᠤ ᠰᠢᠶᠠᠨ ᠤ ᠬᠡᠪᠴᠢᠶᠡᠨ ᠳᠤ ᠣᠷᠣᠭᠤᠯᠪᠠ᠃ ᠡᠭᠦᠨ ᠤ ᠬᠠᠮᠲᠤ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ ᠶᠠᠳᠠᠭᠤ ᠠᠴᠠ ᠠᠩᠭᠢᠵᠢᠷᠠᠭᠰᠠᠨ ᠬᠤᠰᠢᠭᠤ ᠰᠢᠶᠠᠨ ᠲᠡᠶᠢᠰᠢ 100 ᠳ᠋ᠦᠩᠰᠢᠭᠤᠷ ᠲᠥᠭᠦᠷᠢᠭ ᠠᠴᠠ ᠳᠡᠭᠡᠭᠰᠢ ᠬᠡᠯᠪᠠᠶᠢᠯᠭᠡᠵᠦ᠂ ᠥᠪᠥᠷ ᠮᠣᠩᠭᠤᠯ ᠤᠨ ᠵᠣᠯᠭᠠᠭᠤᠯᠤᠭᠰᠠᠨ ᠪᠡᠯᠡ ᠮᠥᠩᠭᠦ ᠶᠢ ᠠᠵᠤ ᠦᠢᠯᠡᠰ ᠢ ᠬᠥᠭᠵᠢᠭᠦᠯᠬᠦ ᠳᠤ ᠬᠡᠷᠡᠭᠯᠡᠭᠰᠡᠨ ᠬᠤᠪᠢ ᠶᠢᠨ ᠵᠢᠩ ᠨᠢ 55% ᠶᠢ ᠳᠠᠪᠠᠵᠤ᠂ ᠮᠡᠷᠭᠡᠵᠢᠯ᠂ ᠪᠡᠯᠡᠳᠬᠡᠮᠵᠢ᠂ ᠡᠵᠡᠩᠨᠡᠨ ᠪᠣᠷᠣᠯᠠᠭᠤᠯᠬᠤ ᠵᠡᠷᠭᠡ ᠲᠠᠯ᠎ᠠ ᠶᠢᠨ ᠳᠤᠲᠠᠭᠤᠳᠠᠯ ᠢ ᠨᠥᠬᠦᠪᠦᠷᠢᠯᠡᠪᠡ᠃ ᠳᠠᠪᠠᠭᠤᠯᠢᠭ ᠣᠨᠴᠠᠯᠢᠭᠲᠤ ᠭᠤᠣᠯᠯᠠᠬᠤ ᠠᠵᠤ ᠦᠢᠯᠡᠰ ᠪᠠ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠶᠠᠳᠠᠭᠤ ᠶᠢ ᠲᠡᠳᠬᠦᠬᠦ 628 ᠲᠣᠯᠣᠭᠠᠶᠢᠯᠠᠭᠴᠢ ᠠᠵᠤ ᠠᠬᠤᠶᠢᠯᠠᠯ᠂ ᠬᠠᠪᠰᠤᠷᠤᠨ ᠲᠡᠳᠬᠦᠬᠦ 276 ᠦᠢᠯᠡᠳᠪᠦᠷᠢ ᠶᠢᠨ ᠲᠠᠰᠤᠭ ᠢ ᠦᠷᠭᠦᠯᠵᠢᠯᠡᠨ ᠲᠡᠳᠬᠦᠨ ᠲᠡᠮᠵᠢᠵᠤ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠪᠠ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠶᠢᠨ ᠨᠡᠮᠡᠭᠳᠡᠯ ᠢ ᠲᠠᠶᠢᠴᠢᠯᠠᠪᠠ᠃ 2021 ᠣᠨ ᠳᠤ ᠵᠣᠯᠭᠠᠭᠤᠯᠬᠤ ᠪᠡᠯᠡ ᠮᠥᠩᠭᠦ ᠪᠠᠷ ᠳᠡᠮᠵᠢᠭᠰᠡᠨ ᠲᠥᠷᠥᠯ ᠵᠦᠢᠯ ᠢ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠪᠠ ᠬᠢᠨᠠᠨ ᠰᠢᠨᠵᠢᠯᠡᠭᠰᠡᠨ ᠬᠥᠮᠥᠨ ᠠᠮᠠ ᠳᠤ 49.3 ᠲᠦᠮᠡᠨ ᠬᠥᠮᠥᠨ ᠤᠳᠠᠭ᠎ᠠ ᠬᠠᠮᠤᠷᠤᠭᠤᠯᠵᠤ᠂ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠠᠵᠤ ᠦᠢᠯᠡᠰ ᠤᠨ ᠲᠥᠷᠥᠯ ᠵᠦᠢᠯ ᠢ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠪᠡ᠃ ᠡᠨᠡ ᠵᠢᠯ ᠠᠵᠤ ᠦᠢᠯᠡᠰ ᠤᠨ ᠬᠠᠪᠰᠤᠷᠤᠨ ᠲᠡᠳᠬᠦᠬᠦ 1398 ᠲᠥᠷᠥᠯ ᠵᠦᠢᠯ ᠢ ᠬᠡᠷᠡᠭᠵᠢᠭᠦᠯᠵᠦ᠂ ᠡᠳ᠋ ᠬᠥᠷᠥᠩᠭᠡ ᠠᠴᠠ ᠠᠰᠢᠭ ᠣᠯᠬᠤ᠂ ᠬᠤᠪᠢ ᠣᠷᠣᠭᠤᠯᠵᠤ ᠠᠰᠢᠭ ᠬᠤᠪᠢᠶᠠᠬᠤ᠂ ᠵᠠᠬᠢᠶᠠᠯᠠᠵᠤ ᠬᠤᠳᠠᠯᠳᠤᠨ ᠠᠪᠬᠤ᠂ ᠠᠵᠢᠯ ᠬᠢᠵᠦ ᠠᠵᠢᠯ ᠣᠯᠭᠤᠬᠤ᠂ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠵᠡᠷᠭᠡ ᠲᠣᠭᠲᠠᠴᠠ ᠪᠠᠷ ᠣᠷᠣᠯᠭ᠎ᠠ ᠶᠢᠨ ᠨᠡᠮᠡᠭᠳᠡᠯ ᠢ ᠳᠠᠶᠢᠴᠢᠯᠠᠵᠤ ᠪᠠᠶᠢᠨ᠎ᠠ᠃      ᠮᠠᠨ ᠤ ᠣᠷᠣᠨ ᠪᠠᠰᠠ 2022 ᠣᠨ ᠳᠤ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ 17 ᠵᠤᠷᠪᠤᠰ ᠠᠷᠭ᠎ᠠ ᠬᠡᠮᠵᠢᠶ᠎ᠡ ᠶᠢ ᠳᠠᠷᠤᠮᠠᠯᠯᠠᠨ ᠲᠠᠷᠬᠠᠭᠠᠵᠤ᠂ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠵᠦ᠂ ᠡᠯ᠎ᠡ ᠭᠠᠵᠠᠷ ᠤᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠵᠡᠷᠭᠡ ᠲᠥᠷᠥᠯ ᠵᠦᠢᠯ ᠲᠠᠢ ᠤᠶᠠᠯᠳᠤᠭᠤᠯᠤᠨ ᠬᠡᠷᠡᠭᠵᠢᠭᠦᠯᠬᠦ ᠶᠢ ᠳᠡᠮᠵᠢᠵᠦ᠂ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠡᠪᠴᠢᠶ᠎ᠡ ᠶᠢ ᠵᠣᠬᠢᠰᠲᠠᠢ ᠪᠥᠭᠡᠳ ᠡᠮᠬᠢ ᠵᠢᠷᠤᠮ ᠲᠠᠢ ᠪᠠᠷ ᠥᠷᠭᠡᠳᠬᠡᠨ᠎ᠡ᠃ ︽ᠢᠨᠵᠧᠨᠧᠷᠢᠩ ᠢᠶᠠᠷ ᠲᠡᠳᠬᠦᠮᠵᠢ ᠶᠢ ᠣᠷᠣᠯᠠᠭᠤᠯᠬᠤ︾ ᠶᠢ ᠳᠡᠯᠭᠡᠷᠡᠭᠦᠯᠦᠨ ᠠᠵᠢᠯ ᠣᠯᠭᠤᠬᠤ ᠠᠷᠭ᠎ᠠ ᠵᠠᠮ ᠢ ᠥᠷᠭᠡᠳᠬᠡᠵᠦ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢ ᠲᠠᠷᠢᠶᠠᠯᠠᠩ ᠤᠨ ᠤᠰᠤᠨ ᠠᠰᠢᠭᠯᠠᠯᠲᠠ᠂ ᠲᠣᠰᠬᠤᠨ ᠤ ᠵᠠᠮ᠂ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠯᠲᠠ᠂ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠭᠤᠶᠣᠵᠢᠭᠤᠯᠤᠯᠲᠠ ᠵᠡᠷᠭᠡ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ ᠪᠠᠷ ᠳᠠᠮᠵᠢᠭᠤᠯᠤᠨ ᠬᠥᠳᠡᠯᠮᠦᠷᠢ ᠦᠢᠯᠡᠴᠢᠯᠡᠭᠡᠨ ᠤ ᠬᠠᠷᠠᠮᠵᠢ ᠣᠯᠭᠤᠬᠤ ᠶᠢ ᠡᠩ ᠲᠡᠷᠢᠭᠦᠨ ᠳᠤ ᠲᠣᠬᠢᠷᠠᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号