ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠬᠤ ᠪᠣᠯ ᠨᠠᠮ ᠢ ᠪᠦᠬᠦ ᠲᠠᠯ᠎ᠠ ᠪᠠᠷ | ᠴᠢᠩᠭ᠎ᠠ ᠵᠠᠰᠠᠬᠤ ᠶᠢᠨ ᠴᠢᠬᠤᠯᠠ ᠰᠠᠭᠤᠷᠢ ᠮᠥᠨ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠰᠢᠨ᠎ᠡ ᠪᠠᠶᠢᠳᠠᠯ ᠳᠣᠣᠷᠠᠬᠢ | ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ ᠪᠣᠯ ᠨᠠᠮ ᠤᠨ | ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠳᠤ ᠦᠷᠭᠦᠯᠵᠢᠯᠡᠨ ᠳᠠᠷᠤᠯᠲᠠ ᠥᠭᠬᠦ ︽ᠠᠬᠢᠭᠤᠯᠤᠭᠴᠢ︾ ᠮᠥᠨ᠃ | ᠪᠣᠳᠠᠲᠤ ᠦᠢᠯᠡᠳᠦᠯᠭᠡ ᠳᠤᠮᠳᠠ᠂ ᠭᠤᠷᠪᠠᠨ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠬᠦ ᠪᠣᠯᠣᠨ᠎ᠠ᠃ | | | | ᠡᠷᠬᠡᠪᠰᠢ ᠲᠠᠶᠢᠴᠢᠨ ᠬᠦᠴᠦᠨ ᠢᠶᠠᠨ ᠴᠢᠩᠭᠠᠷᠠᠭᠤᠯᠵᠤ᠂ ᠨᠠᠮᠴᠢ ᠴᠢᠨᠠᠷ ᠤᠨ ᠬᠥᠮᠦᠵᠢᠯ ᠭᠡᠬᠦ ᠡᠨᠡ ᠬᠦ ᠭᠤᠣᠯ | ᠰᠢᠵᠢᠮ ᠲᠠᠢ ᠴᠢᠩᠭ᠎ᠠ ᠤᠶᠠᠯᠳᠤᠭᠤᠯᠬᠤ ᠬᠡᠷᠡᠭᠲᠡᠢ᠃ ᠰᠢᠨ᠎ᠡ ᠪᠠᠶᠢᠳᠠᠯ ᠳᠣᠣᠷ᠎ᠠ᠂ ᠡᠯ᠎ᠡ ᠵᠦᠢᠯ ᠤᠨ ᠦᠵᠡᠯ ᠰᠠᠨᠠᠭᠠᠨ ᠤ | ᠤᠷᠤᠰᠬᠠᠯ ᠨᠢ ᠨᠠᠮ ᠤᠨ ᠳᠣᠲᠣᠭᠠᠳᠤ ᠶᠢᠨ ᠬᠡᠰᠡᠭ ᠺᠠᠳ᠋ᠷᠴᠤᠳ ᠢ ᠵᠣᠬᠢᠬᠤ ᠬᠡᠮᠵᠢᠶ᠎ᠡ ᠪᠠᠷ ᠨᠥᠯᠥᠭᠡᠯᠡᠨ ᠨᠡᠪᠴᠢᠭᠦᠯᠵᠦ | ᠪᠠᠶᠢᠨ᠎ᠠ᠂ ᠡᠨᠡ ᠨᠢ ᠪᠢᠳᠡᠨ ᠢ ᠡᠷᠬᠡᠪᠰᠢ ᠪᠠᠲᠤ ᠴᠢᠩᠭ᠎ᠠ ᠨᠠᠮᠴᠢ ᠴᠢᠨᠠᠷ ᠢ ᠪᠠᠲᠤ ᠪᠠᠬᠢ ᠪᠤᠢ ᠪᠣᠯᠭᠠᠵᠤ᠂ ᠶᠠᠮᠠᠷᠪᠠ | ᠦᠶ᠎ᠡ ᠳᠤ᠂ ᠶᠠᠮᠠᠷᠪᠠ ᠪᠠᠶᠢᠳᠠᠯ ᠳᠤ ᠴᠥᠮ ᠨᠠᠮᠴᠢ ᠴᠢᠨᠠᠷ ᠤᠨ ᠬᠥᠮᠦᠵᠢᠯ ᠢ ᠰᠤᠯᠠᠷᠠᠭᠤᠯᠵᠤ ᠪᠣᠯᠬᠤ ᠦᠭᠡᠢ ᠪᠠᠶᠢᠬᠤ ᠶᠢ | ᠱᠠᠭᠠᠷᠳᠠᠵᠤ ᠪᠠᠶᠢᠨ᠎ᠠ᠃ ᠣᠶᠢᠷ᠎ᠠ ᠶᠢᠨ ᠵᠢᠯ ᠠᠴᠠ᠂ ᠨᠠᠮ ᠤᠨ ᠤᠯᠠᠨ ᠲᠦᠮᠡᠨᠴᠢ ᠱᠤᠭᠤᠮ ᠤᠨ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ᠂ ︽ᠭᠤᠷᠪᠠᠨ ᠴᠢᠩᠭ᠎ᠠ ᠭᠤᠷᠪᠠᠨ ᠪᠣᠳᠠᠲᠠᠢ︾ ᠲᠤᠰᠬᠠᠢ ᠰᠡᠳᠦᠪᠲᠦ ᠬᠥᠮᠦᠵᠢᠯ᠂ ︽ᠤᠭ | ᠰᠠᠨᠠᠭ᠎ᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ᠂ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠵᠢᠴᠢ ᠶᠠᠭ ᠥᠷᠨᠢᠭᠦᠯᠵᠦ ᠪᠠᠶᠢᠭ᠎ᠠ ︽ᠦᠵᠡᠯᠲᠡ ᠪᠠᠨ | ᠬᠤᠪᠢᠷᠠᠭᠤᠯᠬᠤ᠂ ᠣᠪᠤᠷ ᠰᠤᠷᠲᠠᠯ ᠢᠶᠠᠨ ᠴᠢᠩᠭᠠᠳᠬᠠᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ | ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠬᠤ᠂ ᠳᠦᠷᠢ ᠲᠥᠷᠬᠦ ᠶᠢ ᠪᠤᠢ ᠪᠣᠯᠭᠠᠬᠤ︾ ᠰᠤᠷᠤᠯᠴᠠᠯᠭ᠎ᠠ | ᠦᠢᠯᠡᠳᠦᠯᠭᠡ ᠶᠢᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠬᠦ ᠪᠠᠷ ᠳᠠᠮᠵᠢᠭᠤᠯᠵᠤ᠂ ᠨᠠᠮ ᠤᠨ ᠭᠡᠰᠢᠭᠦᠳ ᠲᠤ | ᠦᠵᠡᠯ ᠰᠠᠨᠠᠭᠠᠨ ᠤ ︽ᠺᠠᠯᠼ︾ ᠢ ᠭᠦᠢᠴᠡᠳ ᠨᠥᠬᠦᠪᠦᠷᠢᠯᠡᠵᠦ᠂ ᠴᠤᠭ ᠰᠦᠯᠳᠡ ᠶᠢ ᠨᠢ ᠬᠥᠪᠴᠢᠯᠡᠭᠰᠡᠨ ᠪᠠᠶᠢᠨ᠎ᠠ᠃ | ᠰᠢᠨ᠎ᠡ ᠪᠠᠷᠭᠤ ᠪᠠᠷᠠᠭᠤᠨ ᠬᠤᠰᠢᠭᠤ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ | ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ | ᠶᠣᠰᠣᠭᠠᠷ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠨᠠᠭᠰᠢᠳᠠ ᠲᠥᠪ ᠴᠢᠩᠭ᠎ᠠ ᠪᠣᠯᠭᠠᠵᠤ᠂ | ᠨᠠᠮ ᠤᠨ ᠭᠡᠰᠢᠭᠦᠨ ᠤ ᠠᠵᠢᠯ ᠤᠨ ᠪᠠᠶᠢᠷᠢ ᠳᠠᠭᠠᠨ ᠰᠠᠭᠤᠷᠢᠯᠠᠨ ᠬᠤᠰᠢᠭᠤᠴᠢ ᠵᠢᠱᠢᠶᠡᠴᠢ ᠦᠢᠯᠡᠳᠦᠯ ᠢᠶᠠᠨ | ᠪᠠᠳᠠᠷᠠᠭᠤᠯᠬᠤ ᠲᠠᠯ᠎ᠠ ᠪᠠᠷ ᠪᠣᠳᠠᠲᠠᠢ ᠠᠷᠭ᠎ᠠ ᠬᠡᠮᠵᠢᠶ᠎ᠡ ᠠᠪᠴᠤ᠂ ᠰᠢᠯᠢᠳᠡᠭ ᠪᠦᠲᠦᠮᠵᠢ ᠭᠠᠷᠭᠠᠵᠤ᠂ ᠥᠷᠭᠡᠨ ᠤᠯᠠᠨ | ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ | ᠳᠤᠮᠳᠠ ᠪᠠᠲᠤ ᠴᠢᠩᠭ᠎ᠠ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ ᠬᠡᠷᠡᠭᠲᠡᠢ᠃ | ᠡᠷᠬᠡᠪᠰᠢ ᠨᠢᠭᠲᠠᠷᠠᠯ ᠤᠨ ᠬᠦᠴᠦᠨ ᠢ ᠴᠢᠩᠭᠠᠳᠬᠠᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ | ᠭᠡᠬᠦ ᠡᠨᠡ ᠬᠦ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ | ᠲᠥᠪ ᠴᠢᠩᠭ᠎ᠠ ᠪᠠᠶᠢᠯᠭᠠᠬᠤ ᠪᠣᠯ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠲᠤ ᠪᠠᠬᠢ ᠰᠠᠭᠤᠷᠢ | ᠮᠥᠨ᠂ ᠨᠡᠩ ᠴᠤ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠳᠠ ᠶᠢᠨ | ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠠᠶᠢᠲᠤᠷ | ᠪᠡᠶᠡᠯᠡᠭᠦᠯᠬᠦ ᠶᠢᠨ ︽ᠰᠠᠭᠤᠷᠢ︾ ᠮᠥᠨ᠃ ᠰᠢᠨ᠎ᠡ ᠪᠠᠷᠭᠤ ᠪᠠᠷᠠᠭᠤᠨ ᠬᠤᠰᠢᠭᠤ ᠮᠠᠯᠵᠢᠬᠤ ᠣᠷᠣᠨ ᠤ ᠬᠥᠭᠵᠢᠯᠲᠡ ᠶᠢᠨ | ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ︽ᠭᠤᠷᠪᠠᠨ ᠬᠤᠷᠠᠯ ᠨᠢᠭᠡ ᠬᠢᠴᠢᠶᠡᠯ︾᠂ ᠠᠷᠠᠳᠴᠢᠯᠠᠯ ᠤᠨ | ᠠᠮᠢᠳᠤᠷᠠᠯ ᠤᠨ ᠬᠤᠷᠠᠯ᠂ ᠨᠠᠮ ᠤᠨ ᠭᠡᠰᠢᠭᠦᠨ ᠤ ᠠᠷᠠᠳᠴᠢᠯᠠᠯ ᠢᠶᠠᠷ ᠦᠨᠡᠯᠡᠯᠲᠡ ᠬᠢᠬᠦ ᠵᠡᠷᠭᠡ ᠦᠢᠯᠡᠳᠦᠯᠭᠡ ᠶᠢᠨ | ᠰᠢᠯᠭᠠᠯᠲᠠ ᠶᠢ ᠥᠩᠭᠡᠷᠡᠭᠡᠭᠰᠡᠨ᠂ ᠪᠦᠲᠦᠮᠵᠢᠲᠡᠶ ᠰᠠᠶᠢᠨ ᠳᠦᠷᠢᠮ ᠰᠠᠶᠢᠨ ᠠᠷᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠪᠦᠬᠦᠨ ᠢ ᠬᠠᠮᠤᠷᠤᠨ᠂ ᠦᠢᠯᠡᠳᠦᠯ ᠦᠵᠡᠭᠦᠯᠵᠦ᠂ ᠪᠣᠳᠠᠲᠤ ᠦᠷ᠎ᠡ ᠪᠦᠲᠦᠮᠵᠢ ᠣᠯᠬᠤ ᠶᠢ ᠪᠡᠶᠡᠯᠡᠭᠦᠯᠬᠦ ᠬᠡᠷᠡᠭᠲᠡᠢ᠃ | ᠡᠭᠦᠨ ᠤ ᠬᠠᠮᠲᠤ᠂ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠪᠠᠷ ᠬᠥᠲᠥᠯᠥᠨ ᠳᠠᠭᠠᠭᠤᠯᠵᠤ᠂ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢᠭᠡᠪᠦᠷᠢ ᠶᠢᠨ ᠰᠢᠨ᠎ᠡ ᠶᠢ ᠡᠭᠦᠳᠬᠦ ᠦᠢᠯᠡᠳᠦᠯᠭᠡ ᠶᠢᠨ ᠠᠵᠢᠯ | ᠥᠷᠨᠢᠭᠦᠯᠬᠦ ᠶᠢ ᠵᠣᠷᠢᠭᠵᠢᠭᠤᠯᠵᠤ᠂ ᠠᠵᠢᠯᠯᠠᠭᠠᠨ ᠤ ᠲᠣᠭᠲᠠᠴᠠ ᠶᠢ ᠨᠡᠩ ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ᠂ | ᠬᠥᠭᠵᠢᠯᠲᠡ ᠶᠢᠨ ᠰᠡᠳᠬᠢᠴᠡ ᠶᠢ ᠨᠡᠩ ᠲᠣᠳᠣᠷᠬᠠᠢ ᠪᠣᠯᠭᠠᠵᠤ᠂ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠯᠲᠠ ᠶᠢ ᠨᠡᠩ ᠪᠠᠲᠤ ᠴᠢᠩᠭ᠎ᠠ ᠬᠦᠴᠦᠨ ᠲᠠᠢ ᠪᠣᠯᠭᠠᠵᠤ᠂ ᠨᠠᠮ ᠤᠨ ᠭᠡᠰᠢᠭᠦᠨ ᠤ | ᠡᠩᠨᠡᠭᠡ ᠶᠢ ᠨᠡᠩ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠣᠯᠭᠠᠬᠤ ᠶᠢ ᠠᠬᠢᠭᠤᠯᠬᠤ ᠬᠡᠷᠡᠭᠲᠡᠢ᠃ | ᠡᠷᠬᠡᠪᠰᠢ ᠳᠣᠲᠣᠭᠠᠳᠤ ᠬᠦᠳᠡᠯᠭᠡᠬᠦ ᠬᠦᠴᠦᠨ ᠢᠶᠠᠨ ᠳᠡᠭᠡᠭᠰᠢᠯᠡᠭᠦᠯᠵᠦ᠂ ᠤᠳᠤᠷᠢᠳᠬᠤ ᠺᠠᠳ᠋ᠷ ᠭᠡᠬᠦ ᠡᠨᠡᠬᠦ | ᠵᠠᠩᠭᠢᠯᠠᠭ᠎ᠠ ᠶᠢ ᠠᠳᠬᠤᠬᠤ ᠬᠡᠷᠡᠭᠲᠡᠢ᠃ ᠳᠡᠭᠡᠷᠡᠬᠢ ᠨᠢ ᠶᠠᠭᠠᠬᠢᠵᠤ ᠬᠢᠪᠡᠯ ᠳᠣᠣᠷᠠᠬᠢ ᠨᠢ ᠦᠢᠯᠡᠳᠦᠯ ᠲᠠᠢ᠂ ᠡᠬᠢ | ᠡᠭᠦᠰᠦᠯ ᠨᠢ ᠠᠷᠢᠭᠤᠨ ᠴᠡᠪᠡᠷ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ | ᠪᠣᠯᠭᠠᠬᠤ ᠳᠤ ᠨᠠᠮ ᠤᠨ ᠭᠡᠰᠢᠭᠦᠨ ᠤᠳᠤᠷᠢᠳᠬᠤ ᠺᠠᠳ᠋ᠷ ᠮᠠᠰᠢ ᠴᠢᠬᠤᠯᠠ ᠵᠢᠱᠢᠶ᠎ᠡ ᠦᠵᠡᠭᠦᠯᠬᠦ ᠪᠠ | ᠤᠳᠤᠷᠢᠳᠤᠮᠵᠢ ᠶᠢᠨ ᠦᠢᠯᠡᠳᠦᠯ ᠲᠠᠢ ᠶᠤᠮ᠃ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ | ᠴᠢᠩᠭ᠎ᠠ ᠪᠣᠯᠭᠠᠪᠠᠯ᠂ ᠨᠠᠮ ᠤᠨ ᠤᠯᠤᠰ ᠲᠦᠷᠦ ᠶᠢᠨ ᠳᠠᠪᠠᠭᠤᠯᠢᠭ᠂ ᠦᠵᠡᠯ ᠰᠠᠨᠠᠭᠠᠨ ᠤ ᠳᠠᠪᠠᠭᠤᠯᠢᠭ᠂ ᠵᠣᠬᠢᠶᠠᠨ | ᠪᠠᠶᠢᠭᠤᠯᠤᠯᠲᠠ ᠶᠢᠨ ᠳᠠᠪᠠᠭᠤᠯᠢᠭ᠂ ᠰᠤᠷᠲᠠᠯ ᠤᠨ ᠳᠠᠪᠠᠭᠤᠯᠢᠭ ᠪᠠ ᠰᠠᠬᠢᠯᠭ᠎ᠠ ᠪᠠᠲᠤ ᠶᠢᠨ ᠳᠠᠪᠠᠭᠤᠯᠢᠭ ᠢ ᠯᠠᠪᠳᠠᠶ᠎ᠠ | ᠭᠦᠢᠴᠡᠳ ᠪᠠᠳᠠᠷᠠᠭᠤᠯᠵᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠦᠵᠡᠯ ᠰᠠᠨᠠᠭᠠᠨ ᠤ ᠠᠬᠤᠢ ᠪᠠᠶᠢᠳᠠᠯ᠂ | ᠤᠯᠤᠰ ᠲᠦᠷᠦ ᠶᠢᠨ ᠬᠡᠪ ᠪᠣᠯᠪᠠᠰᠤᠷᠠᠯ᠂ ᠶᠣᠰᠣ ᠮᠣᠷᠠᠯ ᠤᠨ ᠬᠢᠷᠢ ᠲᠦᠪᠰᠢᠨ ᠢ ᠯᠠᠪᠳᠠᠶ᠎ᠠ ᠲᠠᠰᠤᠷᠠᠯᠳᠠ ᠦᠭᠡᠢ | ᠳᠡᠭᠡᠭᠰᠢᠯᠡᠭᠦᠯᠵᠦ᠂ ᠨᠠᠮ ᠤᠨ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ | ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠬᠦ ᠴᠢᠳᠠᠪᠤᠷᠢ ᠶᠢ ᠴᠤ ᠲᠠᠰᠤᠷᠠᠯᠳᠠ ᠦᠭᠡᠢ ᠨᠡᠮᠡᠭᠳᠡᠭᠦᠯᠬᠦ ᠪᠣᠯᠣᠨ᠎ᠠ᠃ | ᠡᠷᠬᠡᠪᠰᠢ ᠨᠠᠮ ᠤᠨ ᠭᠡᠰᠢᠭᠦᠨ ᠤᠳᠤᠷᠢᠳᠬᠤ ᠺᠠᠳ᠋ᠷ ᠠᠴᠠ ᠡᠬᠢᠯᠡᠨ ᠠᠳᠬᠤᠵᠤ᠂ ᠨᠠᠮ ᠤᠨ ᠭᠡᠰᠢᠭᠦᠨ ᠤᠳᠤᠷᠢᠳᠬᠤ | ᠺᠠᠳ᠋ᠷ ᠠᠴᠠ ᠡᠬᠢᠯᠡᠨ ᠴᠢᠩᠳᠠᠯᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ | ᠪᠣᠯᠭᠠᠬᠤ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ᠨᠠᠮ ᠤᠨ ᠲᠦᠷᠦ ᠪᠠᠷᠢᠬᠤ ᠰᠠᠭᠤᠷᠢ ᠶᠢ ᠬᠦᠴᠦᠯᠡᠨ | ᠪᠠᠬᠢᠵᠢᠭᠦᠯᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠤ ᠠᠬᠤᠢ ᠨᠡᠶᠢᠭᠡᠮ ᠤᠨ ᠡᠯ᠎ᠡ ᠲᠦᠷᠦᠯ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠳᠣᠲᠣᠭᠠᠳᠤ ᠬᠦᠳᠡᠯᠭᠡᠬᠦ | ᠬᠦᠴᠦᠨ ᠢ ᠳᠡᠭᠡᠭᠰᠢᠯᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃ | | |