ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ﹇2022﹈ 9 ᠳ᠋ᠦ᠋ᠭᠡᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/6/2
    ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭ᠎ᠠ ᠵᠢᠴᠢ ᠪᠣᠭᠳᠠᠠᠭᠤᠯᠠ ᠶᠢᠨ ᠲᠠᠬᠢᠯᠭ᠎ᠠ ᠶᠢᠨ ᠠᠵᠢᠯᠯᠠᠭ᠎ᠠ ᠣᠶᠢᠷᠠᠳᠬᠤ ᠶᠢ ᠳᠠᠭᠠᠯᠳᠤᠨ᠂ ᠣᠶᠢᠷ᠎ᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠶᠢᠨ ᠬᠡᠰᠡᠭ ᠭᠠᠵᠠᠷ ᠣᠷᠣᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠳᠠᠭᠰᠠᠨ ᠡᠪᠡᠳᠴᠢᠨ ᠤ ᠵᠢᠱᠢᠶ᠎ᠡ ᠬᠡᠰᠡᠭ ᠪᠤᠰᠠᠭ ᠲᠠᠷᠬᠠᠵᠤ ᠪᠠᠶᠢᠭ᠎ᠠ ᠪᠠᠶᠢᠳᠠᠯ ᠢ ᠦᠨᠳᠦᠰᠦᠯᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠠᠲᠤᠳᠬᠠᠬᠤ ᠶᠢᠨ ᠲᠥᠯᠥᠭᠡ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ ᠣᠳᠤ ᠬᠤᠯᠪᠣᠭᠳᠠᠯ ᠪᠦᠬᠦᠢ ᠵᠦᠢᠯᠡᠰ ᠢ ᠳᠣᠣᠷ᠎ᠠ ᠵᠠᠷᠯᠠᠶ᠎ᠠ᠄      ᠨᠢᠭᠡ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭᠠᠨ ᠳᠤ ᠮᠠᠨ ᠤ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠴᠢᠬᠤᠯᠠ ᠦᠭᠡᠢ ᠪᠣᠯ ᠬᠤᠲᠠ ᠠᠯᠤᠰᠯᠠᠨ ᠭᠠᠳᠠᠭᠰᠢ ᠶᠠᠪᠤᠬᠤ ᠦᠭᠡᠢ ᠪᠠᠶᠢᠵᠤ᠂ 14 ᠡᠳᠦᠷ ᠤᠨ ᠳᠣᠲᠣᠷ᠎ᠠ ᠲᠣᠰ ᠭᠠᠵᠠᠷ ᠣᠷᠣᠨ ᠳᠤ ᠰᠢᠨ᠎ᠡ ᠲᠢᠳᠢᠮᠯᠢᠭ ᠸᠢᠷᠦ᠋ᠰ ᠲᠤ ᠬᠠᠯᠳᠠᠪᠤᠷᠢᠯᠠᠭᠰᠠᠨ ᠬᠦᠮᠦᠰ ᠰᠢᠨ᠎ᠡ ᠪᠠᠷ ᠨᠡᠮᠡᠭᠳᠡᠭᠰᠡᠨ ᠪᠠ ᠬᠠᠭᠤᠷᠠᠢ ᠵᠠᠮ ᠤᠨ ᠬᠢᠯᠢ ᠶᠢᠨ ᠪᠣᠭᠤᠮᠲᠠ ᠬᠤᠲᠠ ᠳᠤ ᠣᠴᠢᠬᠤ ᠦᠭᠡᠢ ᠪᠠᠶᠢᠬᠤ ᠶᠢ ᠰᠠᠨᠠᠭᠠᠴᠢᠯᠠᠨ᠎ᠠ᠃ ᠡᠭᠦᠨ ᠤ ᠬᠠᠮᠲᠤ᠂ ᠣᠶᠢᠷ᠎ᠠ ᠶᠢᠨ ᠬᠤᠭᠤᠴᠠᠭᠠᠨ ᠳᠤ ᠭᠠᠳᠠᠭᠰᠢ ᠭᠠᠷᠤᠭᠰᠠᠨ ᠲᠡᠦᠬᠡ ᠲᠠᠢ ᠥᠷᠭᠡᠨ ᠣᠯᠠᠨ ᠰᠠᠭᠤᠭᠠᠯᠢ ᠠᠷᠠᠳ ᠲᠤ ᠰᠠᠨᠠᠭᠤᠯᠬᠤ ᠨᠢ᠂ ᠠᠯᠪᠠᠨ ᠵᠠᠭᠤᠴᠢᠯᠠᠭᠤᠷ ᠤᠨ ᠨᠡᠶᠢᠲᠡᠯᠡᠭᠰᠡᠨ ᠤᠯᠤᠰ ᠤᠨ ᠳᠣᠲᠣᠭᠠᠳᠤ ᠶᠢᠨ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠤ ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠬᠡᠷᠪᠡ ᠣᠨᠣᠰᠢᠯᠠᠭᠰᠠᠨ ᠡᠪᠡᠳᠴᠢᠨ ᠤ ᠵᠢᠱᠢᠶ᠎ᠡ ᠪᠤᠶᠤ ᠡᠪᠡᠳᠴᠢᠨ ᠤ ᠢᠯᠡᠷᠡᠯ ᠦᠭᠡᠢ ᠪᠠᠷ ᠬᠠᠯᠳᠠᠪᠤᠷᠢᠯᠠᠭᠳᠠᠭᠰᠠᠳ ᠲᠠᠢ ᠠᠶᠠᠨ ᠵᠠᠮ ᠲᠠᠪᠬᠤᠴᠠᠭᠰᠠᠨ ᠪᠠᠶᠢᠪᠠᠯ᠂ ᠳᠠᠷᠤᠢ  ᠳᠤᠨᠢ ᠬᠤᠰᠢᠭᠤᠨ ᠤ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ ᠲᠤ ᠮᠡᠳᠡᠭᠦᠯᠬᠦ ᠶᠢᠨ ᠬᠠᠮᠲᠤ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃      ᠬᠤᠶᠠᠷ᠂ ᠬᠥᠯᠥᠨ ᠪᠤᠶᠢᠷ ᠬᠤᠲᠠ ᠶᠢᠨ ᠭᠠᠳᠠᠨ᠎ᠠ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠥᠰ ᠤᠷᠢᠳᠴᠢᠯᠠᠨ 2 ᠡᠳᠦᠷ ᠪᠠᠶᠢᠭ᠎ᠠ ᠨᠡᠶᠢᠭᠡᠮ ᠲᠣᠭᠤᠷᠢᠭ ᠲᠠᠭᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ︽ᠬᠥᠯᠥᠨ ᠪᠤᠶᠢᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 35 ᠳ᠋ᠤᠭᠠᠷ ᠲᠣᠭᠠᠲᠤ ᠠᠯᠪᠠᠨ ᠵᠠᠷᠯᠠᠯ︾ ᠵᠢᠴᠢ ︽ᠬᠥᠯᠥᠨ ᠪᠤᠶᠢᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠬᠡᠰᠡᠭ ᠪᠤᠴᠠᠵᠤ ᠢᠷᠡᠭᠰᠡᠨ ᠬᠥᠮᠥᠰ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠣᠰᠣᠭᠠᠷ᠂ 14 ᠡᠳᠦᠷ ᠤᠨ ᠳᠣᠲᠣᠷ᠎ᠠ ᠤᠯᠤᠰ ᠤᠨ ᠳᠣᠲᠣᠭᠠᠳᠤ ᠶᠢᠨ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠤ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠥᠰ ᠲᠤ ︽14 ᠡᠳᠦᠷ ᠲᠥᠪᠯᠡᠷᠡᠭᠦᠯᠦᠨ ᠲᠤᠰᠠᠭᠠᠷᠯᠠᠬᠤ + 5 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ︾ ᠬᠢᠬᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ 14 ᠡᠳᠦᠷ ᠤᠨ ᠳᠣᠲᠣᠷ᠎ᠠ ᠤᠯᠤᠰ ᠤᠨ ᠳᠣᠲᠣᠭᠠᠳᠤ ᠶᠢᠨ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠤ ᠪᠠᠶᠢᠭ᠎ᠠ ᠬᠤᠲᠠ ︵ᠵᠧᠦ᠂ ᠠᠶᠢᠮᠠᠭ᠂ ᠰᠢᠭᠤᠳ ᠬᠠᠷᠢᠶ᠎ᠠ ᠬᠤᠲᠠ ᠶᠢᠨ ᠲᠣᠭᠤᠷᠢᠭ︶ ᠶᠢᠨ ᠪᠤᠰᠤᠳ ᠲᠦᠭᠰᠢᠭᠦᠷᠢ ᠪᠠᠭᠠᠲᠠᠢ ᠰᠢᠶᠠᠨ ︵ᠬᠤᠰᠢᠭᠤ᠂ ᠬᠤᠲᠠ᠂ ᠲᠣᠭᠤᠷᠢᠭ ᠤᠨ ᠰᠢᠭᠤᠳ ᠬᠠᠷᠢᠶ᠎ᠠ ᠬᠤᠲᠠ ᠶᠢᠨ ᠵᠡᠭᠡᠯᠢ ᠭᠤᠳᠤᠮᠵᠢ ᠰᠢᠶᠠᠩ ᠪᠠᠯᠭᠠᠰᠤ︶ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠥᠰ 48 ᠴᠠᠭ ᠤᠨ ᠳᠣᠲᠣᠷ᠎ᠠ 2 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷᠲᠠᠢ ᠭᠡᠷᠡᠴᠢ ᠵᠢᠴᠢ ᠬᠦᠷᠦᠭᠰᠡᠨ ᠭᠠᠵᠠᠷ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠭᠡᠷᠡᠴᠢ ᠪᠠᠶᠢᠬᠤ ᠬᠡᠷᠡᠭᠲᠡᠢ ᠪᠦᠭᠡᠳ ︽ᠭᠡᠷ ᠲᠡᠭᠡᠨ ᠰᠠᠭᠤᠵᠤ 7 ᠡᠳᠦᠷ ᠲᠤᠰᠠᠭᠠᠷᠯᠠᠨ ᠠᠵᠢᠭᠯᠠᠬᠤ + 2 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ︵2᠂ 5 ᠡᠳᠦᠷ︶︾ ᠬᠢᠬᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠭᠡᠷ ᠲᠡᠭᠡᠨ ᠰᠠᠭᠤᠵᠤ ᠲᠤᠰᠠᠭᠠᠷᠯᠠᠬᠤ ᠨᠥᠬᠦᠴᠡᠯ ᠳᠤ ᠨᠡᠶᠢᠴᠡᠬᠦ ᠦᠭᠡᠢ ᠶᠢ ᠨᠢ ᠲᠥᠪᠯᠡᠷᠡᠭᠦᠯᠦᠨ ᠲᠤᠰᠠᠭᠠᠷᠯᠠᠵᠤ᠂ ᠱᠠᠩᠬᠠᠢ᠂ ᠪᠡᠭᠡᠵᠢᠩ ᠬᠤᠲᠠ ᠠᠴᠠ ᠪᠤᠴᠠᠵᠤ ᠢᠷᠡᠭᠰᠡᠨ ᠬᠥᠮᠥᠰ ᠢ ᠮᠥᠨ ᠤᠤᠯ ᠤᠨ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ ︵14 ᠡᠳᠦᠷ ᠲᠥᠪᠯᠡᠷᠡᠭᠦᠯᠦᠨ ᠲᠤᠰᠠᠭᠠᠷᠯᠠᠨ ᠠᠵᠢᠭᠯᠠᠬᠤ + 5 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ︶᠂ ᠪᠤᠰᠤᠳ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠤᠪᠢᠷᠠᠭᠤᠯᠬᠤ ᠦᠭᠡᠢ᠃      ᠬᠥᠯᠥᠨ ᠪᠤᠶᠢᠷ ᠬᠤᠲᠠ ᠶᠢᠨ ᠬᠡᠪᠴᠢᠶᠡᠨ ᠠᠴᠠ ᠭᠠᠳᠠᠨᠠᠬᠢ ᠪᠤᠰᠤᠳ ᠲᠦᠭᠰᠢᠭᠦᠷᠢ ᠪᠠᠭᠠᠲᠠᠢ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠥᠰ 48 ᠴᠠᠭ ᠤᠨ ᠳᠣᠲᠣᠷ᠎ᠠ 2 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷᠲᠠᠢ ᠮᠡᠳᠡᠭᠦᠯᠦᠯᠲᠡ ᠵᠢᠴᠢ ᠬᠦᠷᠦᠭᠰᠡᠨ ᠭᠠᠵᠠᠷ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠭᠡᠷᠡᠴᠢ ᠪᠠᠨ ᠠᠪᠴᠤ᠂ ᠬᠦᠷᠦᠭᠰᠡᠨ ᠭᠠᠵᠠᠷ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠭᠠᠷᠬᠤ ᠠᠴᠠ ᠡᠮᠦᠨ᠎ᠡ ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠴᠢᠩᠭ᠎ᠠ ᠬᠢᠵᠦ᠂ ᠡᠨᠡᠬᠦ ᠬᠤᠭᠤᠴᠠᠭᠠᠨ ᠳᠤ ᠪᠤᠰᠤᠳ ᠬᠥᠮᠥᠨ ᠲᠠᠢ ᠣᠶᠢᠷᠠᠳᠬᠤ ᠠᠴᠠ ᠵᠠᠶᠢᠯᠠᠰᠬᠢᠬᠦ ᠬᠡᠷᠡᠭᠲᠡᠢ᠂ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷᠲᠠᠢ ᠪᠣᠯ᠂ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠣᠷ᠎ᠠ ᠡᠮᠬᠢ ᠵᠢᠷᠤᠮ ᠲᠠᠢ ᠪᠠᠷ ᠰᠢᠯᠵᠢᠵᠦ ᠪᠣᠯᠣᠨ᠎ᠠ᠃      ᠪᠤᠴᠠᠵᠤ ᠢᠷᠡᠭᠰᠡᠨ ᠬᠥᠮᠥᠰ ᠠᠶᠠᠨ ᠵᠠᠮ ᠢᠶᠠᠨ ᠨᠢᠭᠤᠨ ᠳᠠᠯᠳᠠᠯᠠᠭᠰᠠᠨ ᠪᠤᠶᠤ ᠰᠠᠨᠠᠭᠠᠴᠢᠯᠠᠭ᠎ᠠ ᠠᠴᠠ ᠪᠠᠨ ᠮᠡᠳᠡᠭᠦᠯᠵᠦ ᠳᠠᠩᠰᠠᠯᠠᠭᠤᠯᠤᠭᠰᠠᠨ ᠦᠭᠡᠢ ᠠᠴᠠ ᠪᠣᠯᠵᠤ ᠬᠢᠵᠢᠭ ᠤᠨ ᠪᠠᠶᠢᠳᠠᠯ ᠢ ᠳᠡᠯᠭᠡᠷᠡᠭᠦᠯᠦᠭᠰᠡᠨ ᠪᠠᠶᠢᠪᠠᠯ᠂ ᠲᠤᠬᠠᠢ ᠶᠢᠨ ᠬᠥᠮᠥᠨ ᠠᠴᠠ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠭᠤᠷᠪᠠ᠂ ᠠᠶᠠᠯᠠᠯ ᠤᠨ ᠺᠣᠳ᠋ ᠨᠢ ᠨᠣᠭᠤᠭᠠᠨ ᠥᠩᠭᠡᠲᠡᠢ * ᠨᠣᠮᠧᠷ ᠲᠠᠢ ᠬᠤᠲᠠ ᠶᠢᠨ ᠬᠡᠪᠴᠢᠶᠡᠨ ᠠᠴᠠ ᠭᠠᠳᠠᠨᠠᠬᠢ ᠲᠡᠭᠡᠭᠡᠪᠦᠷᠢ ᠶᠢᠨ ᠮᠠᠰᠢᠨ ᠲᠡᠷᠭᠡᠨ ᠤ ᠵᠢᠯᠣᠭᠤᠴᠢ᠂ ᠪᠤᠴᠠᠵᠤ ᠢᠷᠡᠬᠦ ᠠᠴᠠ ᠪᠠᠨ 24 ᠴᠠᠭ ᠤᠨ ᠡᠮᠦᠨ᠎ᠡ ᠵᠣᠷᠢᠭᠰᠠᠨ ᠭᠠᠵᠠᠷ ᠤᠨ ᠪᠠᠷᠠᠭ᠎ᠠ ᠭᠥᠯᠢᠶᠡᠨ ᠠᠪᠴᠤ ᠶᠠᠪᠤᠭᠤᠯᠬᠤ ᠨᠢᠭᠡᠴᠡ ᠳᠤ ᠰᠠᠨᠠᠭᠠᠴᠢᠯᠠᠭ᠎ᠠ ᠠᠴᠠ ᠪᠠᠨ ᠲᠡᠷᠭᠡᠨ ᠤ ᠨᠣᠮᠧᠷ᠂ ᠬᠦᠷᠬᠦ ᠪᠠᠷ ᠲᠥᠯᠥᠪᠯᠡᠭᠰᠡᠨ ᠴᠠᠭ ᠵᠢᠴᠢ ᠵᠢᠯᠣᠭᠤᠴᠢ ᠪᠠ ᠠᠶᠠᠨᠴᠢᠨ ᠤ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠭᠠᠷ ᠤᠲᠠᠰᠤᠨ ᠤ ᠨᠣᠮᠧᠷ ᠵᠡᠷᠭᠡ ᠮᠡᠳᠡᠭᠡ ᠵᠠᠩᠭᠢ ᠪᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ ᠪᠠᠷᠠᠭ᠎ᠠ ᠭᠥᠯᠢᠶᠡᠨ ᠠᠪᠴᠤ ᠶᠠᠪᠤᠭᠤᠯᠬᠤ ᠨᠢᠭᠡᠴᠡ ᠠᠴᠠ ᠬᠠᠷᠢᠶ᠎ᠠ ᠭᠠᠵᠠᠷ ᠤᠨ ᠲᠣᠰᠬᠤᠨ ᠭᠠᠴᠠᠭ᠎ᠠ ᠨᠡᠶᠢᠭᠡᠮ ᠲᠣᠭᠤᠷᠢᠭ ︵ᠰᠢᠶᠠᠩ ᠪᠠᠯᠭᠠᠰᠤ ᠰᠤᠮᠤ︶ ᠲᠤ ᠮᠡᠳᠡᠭᠦᠯᠵᠦ᠂ ᠲᠡᠭᠡᠭᠡᠪᠦᠷᠢ ᠶᠢᠨ ᠮᠠᠰᠢᠨ ᠳᠤ ᠴᠡᠭ ᠠᠴᠠ ᠴᠡᠭ ᠲᠤ ᠲᠡᠭᠡᠭᠡᠪᠦᠷᠢᠯᠡᠬᠦ ᠠᠷᠭ᠎ᠠ ᠬᠡᠮᠵᠢ ᠶᠢ ᠬᠡᠷᠡᠭᠵᠢᠭᠦᠯᠦᠨ᠂ ᠲᠡᠭᠡᠭᠡᠪᠦᠷᠢ ᠶᠢᠨ ᠮᠠᠰᠢᠨ ᠤ ᠵᠢᠯᠣᠭᠤᠴᠢ ᠪᠥᠬᠦ ᠶᠠᠪᠤᠴᠠ ᠳᠤ ᠲᠡᠷᠭᠡᠨ ᠠᠴᠠ ᠪᠠᠭᠤᠬᠤ ᠦᠭᠡᠢ᠂ ᠣᠶᠢᠷᠠᠳᠬᠤ ᠦᠭᠡᠢ ᠪᠠᠶᠢᠵᠤ᠂ ᠪᠠᠷᠠᠭ᠎ᠠ ᠶᠢ ᠳᠠᠷᠤᠢ ᠳᠤᠨᠢ ᠲᠡᠭᠡᠭᠡᠵᠦ ᠪᠠᠭᠤᠯᠭᠠᠮᠠᠭᠴᠠ ᠶᠠᠪᠤᠵᠤ᠂ ᠬᠤᠰᠢᠭᠤᠨ ᠤ ᠬᠡᠪᠴᠢᠶᠡᠨ ᠳᠣᠲᠣᠷ᠎ᠠ ᠳᠤᠷ᠎ᠠ ᠪᠠᠷ ᠢᠶᠠᠨ ᠵᠣᠭᠰᠣᠵᠤ ᠪᠣᠯᠬᠤ ᠦᠭᠡᠢ᠂ ᠬᠡᠷᠪᠡ ᠲᠡᠭᠡᠭᠡᠪᠦᠷᠢ ᠶᠢᠨ ᠮᠠᠰᠢᠨ ᠤ ᠵᠢᠯᠣᠭᠤᠴᠢ ᠣᠬᠤᠷ ᠬᠤᠭᠤᠴᠠᠭᠠᠨ ᠳᠤ ᠶᠠᠪᠤᠬᠤ ᠦᠭᠡᠢ ᠪᠣᠯ᠂ ᠬᠠᠷᠢᠶ᠎ᠠ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠢ᠃ ᠮᠠᠨ ᠤ ᠬᠤᠰᠢᠭᠤᠨ ᠳᠤ ᠢᠷᠡᠭᠰᠡᠨ ᠲᠡᠭᠡᠭᠡᠪᠦᠷᠢ ᠶᠢᠨ ᠮᠠᠰᠢᠨ ᠤ ᠵᠢᠯᠣᠭᠤᠴᠢ 48 ᠴᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷᠲᠠᠢ ᠭᠡᠷᠡᠴᠢ ᠪᠠᠨ ᠠᠪᠴᠤ᠂ ᠬᠦᠷᠦᠭᠰᠡᠨ ᠭᠠᠵᠠᠷ ᠲᠤ ᠪᠠᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠢ᠃      ᠳᠥᠷᠪᠡ᠂ ᠥᠷᠭᠡᠨ ᠣᠯᠠᠨ ᠰᠠᠭᠤᠭᠠᠯᠢ ᠠᠷᠠᠳ ᠬᠡᠷᠪᠡ ᠬᠠᠯᠠᠭᠤᠷᠠᠬᠤ᠂ ᠬᠠᠭᠤᠷᠠᠢ ᠪᠠᠷ ᠬᠠᠨᠢᠶᠠᠬᠤ᠂ ᠲᠠᠮᠢᠷᠳᠠᠬᠤ᠂ ᠰᠠᠭᠤᠯᠭᠠᠬᠤ ᠵᠡᠷᠭᠡ ᠡᠪ ᠦᠭᠡᠢ ᠪᠠᠶᠢᠳᠠᠯ ᠢᠯᠡᠷᠡᠪᠡᠯ᠂ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠣᠷ᠎ᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠠᠯᠠᠭᠤᠷᠠᠬᠤ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠬᠡᠷᠡᠭᠲᠡᠢ᠂ ᠲᠠᠬᠢᠯᠭ᠎ᠠ ᠶᠢᠨ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠣᠴᠢᠵᠤ ᠪᠣᠯᠬᠤ ᠦᠭᠡᠢ᠃      ᠲᠠᠪᠤ᠂ ᠪᠦᠭᠡᠮᠨᠡᠷᠡᠨ ᠴᠤᠭᠯᠠᠷᠠᠬᠤ ᠦᠭᠡᠢ ᠪᠠᠶᠢᠵᠤ᠂ ᠬᠠᠯᠳᠠᠪᠤᠷᠢᠯᠠᠬᠤ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠬᠦ᠂ ᠪᠠᠶᠠᠷ ᠤᠨ ᠶᠠᠪᠤᠳᠠᠯ ᠢ ᠬᠤᠶᠢᠰᠢᠯᠠᠭᠤᠯᠬᠤ᠂ ᠳᠠᠶᠢᠯᠠᠯᠭ᠎ᠠ ᠦᠯᠦ ᠬᠢᠬᠦ ᠶᠢ ᠰᠠᠨᠠᠭᠠᠴᠢᠯᠠᠵᠤ᠂ ᠪᠤᠢ ᠪᠦᠬᠦᠢ ᠡᠵᠡᠩᠨᠡᠯᠲᠡ ᠶᠢᠨ ᠲᠠᠯᠠᠪᠤᠷ ᠭᠠᠵᠠᠷ 50% ᠶᠢᠨ ᠤᠷᠤᠰᠬᠠᠯ ᠤᠨ ᠬᠡᠮᠵᠢᠶ᠎ᠡ ᠪᠠᠷ ᠡᠵᠡᠩᠨᠡᠵᠦ᠂ ᠭᠡᠷ ᠪᠦᠯᠢ ᠶᠢᠨ ᠴᠤᠭᠯᠠᠭᠠᠨ ᠪᠠ ᠬᠠᠮᠲᠤ ᠶᠢᠨ ᠳᠠᠶᠢᠯᠠᠯᠭ᠎ᠠ ᠶᠢ 10 ᠬᠥᠮᠥᠨ ᠠᠴᠠ ᠬᠡᠲᠦᠷᠡᠭᠦᠯᠬᠦ ᠦᠭᠡᠢ ᠪᠠᠶᠢᠬᠤ ᠶᠢ ᠰᠠᠨᠠᠭᠠᠴᠢᠯᠠᠨ᠎ᠠ᠃      ᠵᠢᠷᠭᠤᠭ᠎ᠠ᠂ ᠲᠠᠬᠢᠯᠭ᠎ᠠ ᠶᠢᠨ ᠠᠵᠢᠯᠯᠠᠭ᠎ᠠ ᠶᠢᠨ ᠬᠤᠭᠤᠴᠠᠭᠠᠨ ᠳᠤ ᠡᠯ᠎ᠡ ᠲᠥᠷᠥᠯ ᠤᠨ ᠤᠷᠤᠯᠳᠤᠭᠠᠨ᠂ ᠬᠤᠳᠠᠯᠳᠤᠭᠠᠨ ᠤ ᠠᠵᠢᠯᠯᠠᠭ᠎ᠠ ᠡᠷᠬᠢᠯᠡᠬᠦ ᠳᠤ᠂ ᠳᠠᠭᠠᠭᠠᠴᠢᠯᠠᠨ ᠭᠦᠢᠴᠡᠳᠬᠡᠬᠦ ᠨᠢᠭᠡᠴᠡ ᠤᠳ ︽ᠬᠡᠨ ᠡᠷᠭᠢᠯᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠲᠣᠭᠲᠠᠭᠠᠵᠤ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠦᠵᠡᠬᠦ᠂ ᠪᠥᠭᠡᠮ ᠬᠦᠴᠢᠯ ᠤᠨ ᠪᠠᠶᠢᠴᠠᠭᠠᠯᠲᠠ ᠬᠢᠬᠦ᠂ ᠪᠡᠶ᠎ᠡ ᠶᠢᠨ ᠳᠤᠯᠠᠭᠠᠨ ᠢ ᠬᠡᠮᠵᠢᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃      ᠳᠣᠯᠤᠭ᠎ᠠ᠂ ᠥᠷᠭᠡᠨ ᠣᠯᠠᠨ ᠰᠠᠭᠤᠭᠠᠯᠢ ᠠᠷᠠᠳ ᠲᠠᠬᠢᠯᠭ᠎ᠠ ᠶᠢᠨ ᠠᠵᠢᠯᠯᠠᠭ᠎ᠠ ᠶᠢᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠠᠮᠠᠪᠴᠢ ᠵᠡᠭᠦᠵᠦ᠂ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠪᠤᠰᠤᠳ ᠬᠥᠮᠥᠨ ᠲᠠᠢ ᠵᠣᠬᠢᠬᠤ ᠬᠡᠮᠵᠢᠶᠡᠨ ᠤ ᠨᠡᠶᠢᠭᠡᠮ ᠤᠨ ᠬᠠᠷᠢᠯᠴᠠᠭᠠᠨ ᠤ ᠵᠠᠢ ᠲᠠᠢ ᠪᠠᠶᠢᠬᠤ ᠶᠢ ᠰᠠᠨᠠᠭᠤᠯᠵᠤ ᠪᠠᠶᠢᠨ᠎ᠠ᠃      ᠨᠠᠢᠮᠠ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠠᠷᠭ᠎ᠠ ᠵᠠᠮ ᠮᠥᠨ᠂ ᠲᠠᠷᠢᠯᠭ᠎ᠠ ᠬᠢᠯᠭᠡᠬᠦ ᠨᠥᠬᠦᠴᠡᠯ ᠳᠤ ᠨᠡᠶᠢᠴᠡᠭᠰᠡᠨ ᠰᠠᠭᠤᠭᠠᠯᠢ ᠠᠷᠠᠳ ᠪᠡᠶ᠎ᠡ ᠶᠢᠨ ᠦᠨᠡᠮᠯᠡᠯ ᠢᠶᠠᠨ ᠠᠪᠴᠤ ᠡᠮᠬᠢ ᠵᠢᠷᠤᠮ ᠲᠠᠢ ᠪᠠᠷ ᠲᠣᠭᠲᠠᠭᠰᠠᠨ ᠲᠠᠷᠢᠯᠭ᠎ᠠ ᠶᠢᠨ ᠴᠡᠭ ᠲᠤ ᠬᠦᠷᠴᠦ᠂ ᠪᠦᠬᠦ ᠶᠠᠪᠤᠴᠠ ᠶᠢᠨ ᠸᠠᠺᠼᠢᠨ ᠤ ᠲᠠᠷᠢᠯᠭ᠎ᠠ ᠶᠢ ᠬᠢᠬᠦ ᠬᠡᠷᠡᠭᠲᠡᠢ᠃      ᠶᠢᠰᠦ᠂ ᠭᠠᠳᠠᠨ᠎ᠠ ᠣᠷᠣᠨ ᠤ ᠵᠤᠭᠠᠴᠠᠭᠰᠠᠳ ᠲᠠᠬᠢᠯᠭ᠎ᠠ ᠶᠢᠨ ᠲᠠᠯᠠᠪᠤᠷ ᠲᠤ ᠣᠴᠢᠬᠤ ᠳᠠᠭᠠᠨ ᠲᠣᠰ ᠠᠯᠪᠠᠨ ᠵᠠᠷᠯᠠᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠶᠢᠨ ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃               ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                2022 ᠣᠨ ᠤ 6 ᠰᠠᠷ᠎ᠠ ᠶᠢᠨ 1 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号