ᠮᠠᠨ ᠤ ᠣᠷᠣᠨ ᠭᠠᠩ ᠬᠠᠭᠰᠠᠷᠠᠭᠠᠨ ᠲᠠᠢ ᠲᠡᠮᠡᠴᠡᠬᠦ Ⅳ ᠲᠡᠰ ᠤᠨ ᠪᠠᠴᠢᠮ ᠪᠠᠶᠢᠳᠠᠯ ᠢ ᠠᠷᠭᠠᠴᠡᠭᠠᠬᠤ ᠲᠥᠰᠦᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2022/6/20
     ᠴᠠᠭ ᠠᠭᠤᠷ ᠪᠠ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠭᠠᠩ ᠬᠠᠭᠰᠠᠷᠠᠭᠠᠨ ᠤ ᠭᠠᠮᠰᠢᠭ ᠤᠨ ᠰᠡᠷᠡᠮᠵᠢᠯᠡᠭᠦᠯᠦᠯ ᠨᠡᠶᠢᠲᠡᠯᠡᠵᠠᠢ      6 ᠰᠠᠷ᠎ᠠ ᠶᠢᠨ 18 ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠠᠴᠠ ᠣᠶᠢᠯᠠᠭᠠᠭᠰᠠᠨ ᠢᠶᠠᠷ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠢ᠂ ᠴᠠᠭ ᠠᠭᠤᠷ ᠪᠣᠯᠤᠨ ᠪᠠᠴᠢᠮ ᠪᠠᠶᠢᠳᠠᠯ ᠢ ᠠᠷᠭᠠᠴᠡᠭᠠᠬᠤ ᠵᠡᠷᠭᠡ ᠰᠠᠯᠠᠭ᠎ᠠ ᠮᠥᠴᠢᠷ ᠤᠨ ᠬᠢᠨ ᠵᠥᠪᠳᠡᠯᠴᠡᠵᠦ ᠰᠤᠳᠤᠯᠤᠨ ᠮᠠᠭᠠᠳᠯᠠᠬᠤ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ 2022 ᠣᠨ ᠤ 6 ᠰᠠᠷ᠎ᠠ ᠶᠢᠨ 17 ᠤ ᠡᠳᠦᠷ ᠤᠨ 16 ᠴᠠᠭ ᠠᠴᠠ ᠡᠬᠢᠯᠡᠨ ᠥᠪᠡᠷᠲᠡᠭᠡᠨ ᠵᠠᠰᠠᠬᠤ ᠣᠷᠣᠨ ᠤ ᠭᠠᠩ ᠬᠠᠭᠰᠠᠷᠠᠭᠠᠨ ᠲᠠᠢ ᠲᠡᠮᠡᠴᠡᠬᠦ Ⅳ ᠳᠡᠰ ᠤᠨ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠢ ᠡᠬᠢᠯᠡᠭᠦᠯᠬᠦ ᠪᠠᠷ ᠲᠣᠭᠲᠠᠪᠠ᠃ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠮᠲᠤᠷᠠᠨ ᠭᠠᠩ ᠬᠠᠭᠰᠠᠷᠠᠭᠠᠨ ᠤ ᠭᠠᠮᠰᠢᠭ ᠢ ᠬᠢᠨᠠᠨ ᠬᠡᠮᠵᠢᠵᠤ ᠰᠡᠷᠡᠮᠵᠢᠯᠡᠭᠦᠯᠦᠯ ᠨᠡᠶᠢᠳᠡᠯᠡᠵᠠᠢ᠃      ᠭᠠᠩ ᠬᠠᠭᠰᠠᠷᠠᠭᠠᠨ ᠲᠠᠢ ᠲᠡᠮᠡᠴᠡᠬᠦ Ⅳ ᠲᠠᠰ ᠤᠨ ᠪᠠᠴᠢᠮ ᠪᠠᠶᠢᠳᠠᠯ ᠢ ᠠᠷᠭᠠᠴᠡᠭᠠᠬᠤ ᠲᠦᠰᠦᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ ᠤ ᠴᠠᠭ ᠠᠭᠤᠷ ᠤᠨ ᠰᠠᠯᠠᠭ᠎ᠠ ᠮᠥᠴᠢᠷ ᠡᠳᠦᠷ ᠪᠦᠷᠢ ᠢᠷᠡᠬᠦ 5 — 10 ᠡᠳᠦᠷ ᠤᠨ ᠬᠤᠷ᠎ᠠ ᠲᠣᠨᠳᠠᠰᠤ ᠶᠢᠨ ᠴᠠᠭ ᠠᠭᠤᠷ ᠤᠨ ᠶᠠᠪᠤᠴᠠ ᠶᠢᠨ ᠵᠢᠱᠢᠯᠲᠡ᠂ ᠡᠳᠦᠷ ᠪᠦᠷᠢ ᠶᠢᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠪᠠ ᠣᠷᠣᠨ ᠪᠦᠰᠡ ᠶᠢᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠦᠢᠯᠡᠳᠬᠦ ᠶᠢᠨ ᠬᠠᠮᠲᠤ ᠬᠥᠷᠥᠰᠥ ᠰᠢᠷᠣᠶ ᠶᠢᠨ ᠴᠢᠬᠢᠭ ᠤᠨ ᠠᠵᠢᠭᠯᠠᠯᠲᠠ ᠶᠢᠨ ᠵᠢᠷᠤᠮᠵᠢᠯ ᠢ ᠦᠨᠳᠦᠰᠦᠯᠡᠨ᠂ ᠭᠠᠩ ᠬᠠᠭᠰᠠᠷᠠᠭᠠᠨ ᠤ ᠪᠠᠶᠢᠳᠠᠯ ᠢ ᠬᠢᠨᠠᠨ ᠬᠡᠮᠵᠢᠭᠰᠡᠨ ᠮᠡᠳᠡᠭᠡ ᠵᠠᠩᠭᠢ ᠶᠢ ᠨᠡᠶᠢᠳᠡᠯᠡᠨ᠎ᠠ᠃      ᠣᠳᠣᠬᠠᠨ ᠤ ᠲᠠᠯ᠎ᠠ ᠨᠤᠲᠤᠭ ᠮᠠᠯᠵᠢᠬᠤ ᠣᠷᠣᠨ ᠤ ᠭᠠᠩ ᠬᠠᠭᠰᠠᠷᠠᠭᠠᠨ ᠤ ᠪᠠᠶᠢᠳᠠᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠪᠠ ᠲᠠᠷᠢᠶᠠᠯᠠᠩ ᠮᠠᠯ ᠠᠵᠤ ᠠᠬᠤᠶ ᠶᠢᠨ ᠬᠤᠶᠠᠷ ᠰᠠᠯᠠᠭ᠎ᠠ ᠮᠥᠴᠢᠷ᠂ ᠳᠤᠮᠳᠠ ᠬᠡᠰᠡᠭ ᠠᠴᠠ ᠪᠠᠷᠠᠭᠤᠨᠰᠢᠬᠢ ᠮᠠᠯᠵᠢᠬᠤ ᠣᠷᠣᠨ ᠤ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠥᠮᠦᠨ ᠮᠠᠯ ᠤᠨ ᠤᠤᠭᠤᠬᠤ ᠤᠰᠤ ᠪᠠ ᠡᠪᠡᠰᠦ ᠪᠣᠷᠳᠤᠭ᠎ᠠ ᠶᠢᠨ ᠲᠣᠬᠢᠷᠠᠭᠤᠯᠤᠯᠲᠠ ᠶᠢ ᠤᠷᠢᠳᠴᠢᠯᠠᠨ ᠰᠠᠶᠢᠲᠤᠷ ᠬᠢᠵᠦ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠨᠢᠭᠲᠠ ᠠᠩᠬᠠᠷᠬᠤ ᠬᠡᠷᠡᠭᠳᠠᠢ᠃ ᠳᠤᠮᠳᠠ ᠪᠠ ᠪᠠᠷᠠᠭᠤᠨ ᠬᠡᠰᠡᠭ ᠤᠨ ᠴᠢᠭᠢᠭ ᠤᠨ ᠪᠠᠶᠢᠳᠠᠯ ᠨᠡᠯᠢᠶᠡᠳ ᠠᠨᠠᠶ ᠪᠠᠶᠢᠭ᠎ᠠ ᠲᠠᠷᠢᠶᠠᠯᠠᠬᠤ ᠣᠷᠣᠨ ᠭᠠᠩ ᠬᠠᠭᠰᠠᠷᠠᠭᠠᠨ ᠠᠴᠠ ᠪᠣᠯᠵᠣ ᠳᠠᠷᠢᠭᠰᠠᠨ ᠥᠬᠡᠶ ᠲᠠᠷᠢᠶᠠᠨ ᠭᠠᠵᠠᠷ ᠤᠳ ᠲᠤ ᠳᠠᠷᠢᠵᠤ ᠤᠷᠭᠤᠭᠤᠯᠬᠤ ᠳᠤ ᠬᠡᠷᠡᠭᠰᠡᠬᠦ ᠦᠷ᠎ᠡ᠂ ᠲᠠᠷᠢᠶᠠᠯᠠᠩ ᠤᠨ ᠬᠡᠷᠡᠭᠰᠡᠯ ᠵᠡᠷᠭᠡ ᠦᠢᠯᠡᠳᠪᠦᠷᠢᠯᠡᠯ ᠤᠨ ᠬᠡᠷᠡᠭᠰᠡᠯ ᠢ ᠴᠠᠭ ᠲᠤᠬᠠᠶ ᠳᠤᠨᠢ ᠰᠢᠯᠵᠢᠭᠦᠯᠦᠨ ᠬᠦᠷᠭᠡᠬᠦ ᠶᠢ ᠵᠤᠬᠢᠶᠠᠨ ᠪᠠᠶᠢᠭᠤᠯᠵᠤ᠂ ᠭᠠᠩ ᠬᠠᠭᠰᠠᠷᠠᠭᠠᠨ ᠲᠠᠢ ᠲᠡᠮᠡᠴᠡᠵᠦ ᠤᠰᠤ ᠬᠠᠮᠠᠭᠠᠯᠠᠬᠤ ᠡᠳ᠋᠂ ᠤᠰᠤᠨ ᠳᠤ ᠰᠠᠭᠤᠯᠭᠠᠵᠤ ᠳᠠᠷᠢᠬᠤ᠂ ᠰᠢᠨ᠎ᠡ ᠬᠡᠯᠪᠡᠷᠢ ᠶᠢᠨ ᠪᠦᠷᠬᠦᠭᠦᠯ ᠢᠶᠠᠷ ᠴᠢᠭᠢᠭ ᠢ ᠬᠠᠮᠠᠭᠠᠯᠠᠬᠤ᠂ ᠭᠦᠢᠭᠡᠨ ᠪᠤᠯᠠᠵᠤ ᠳᠤᠰᠤᠯᠭᠠᠨ ᠤᠰᠤᠯᠠᠬᠤ᠂ ᠪᠦᠷᠬᠦᠭᠦᠯ ᠤᠨ ᠳᠤᠤᠷ᠎ᠠ ᠳᠤᠰᠤᠯᠭᠠᠨ ᠤᠰᠤᠯᠠᠬᠤ ᠵᠡᠷᠭᠡ ᠭᠠᠩ ᠬᠠᠭᠰᠠᠷᠠᠭᠠᠨ ᠲᠠᠢ ᠲᠡᠮᠡᠴᠡᠵᠦ ᠤᠰᠤ ᠠᠷᠪᠢᠯᠠᠬᠤ ᠮᠡᠷᠭᠡᠵᠢᠯ ᠢ ᠢᠳᠡᠪᠬᠢᠲᠡᠶ ᠬᠡᠷᠡᠭᠯᠡᠬᠦ ᠬᠡᠷᠡᠭᠳᠠᠢ︔ ᠨᠢᠭᠡᠨᠲᠡ ᠴᠢᠬᠢ ᠤᠷᠭᠤᠭᠰᠠᠨ ᠭᠠᠵᠠᠷ ᠣᠷᠣᠨ ᠳᠤ ᠴᠢᠭᠯᠡᠭᠦᠯᠦᠨ᠂ ᠲᠠᠷᠢᠶᠠᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠤᠰᠤ ᠶᠢ ᠬᠠᠳᠠᠭᠠᠯᠠᠵᠤ ᠴᠢᠭᠢᠭ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠴᠢᠬᠢ ᠤᠷᠭᠤᠭᠰᠠᠨ ᠭᠠᠵᠠᠷ ᠤᠨ ᠴᠢᠭᠢᠭ ᠤᠨ ᠪᠠᠶᠢᠳᠠᠯ ᠢ ᠴᠠᠭ ᠲᠤᠬᠠᠢ ᠳᠤᠨᠢ ᠠᠵᠢᠭᠯᠠᠵᠤ᠂ ᠡᠪᠡᠳᠴᠢᠨ ᠬᠤᠷᠣᠬᠠᠶ ᠶᠢᠨ ᠬᠥᠨᠥᠭᠡᠯ ᠢ ᠠᠩᠬᠠᠷᠤᠨ᠂ ᠲᠠᠷᠢᠶ᠎ᠠ ᠲᠡᠩᠨᠡᠵᠦ ᠡᠪᠡᠰᠦ ᠠᠷᠢᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠤ ᠰᠠᠨᠠᠭᠤᠯᠵᠠᠢ᠃      ᠡᠭᠦᠨ ᠠᠴᠠ ᠭᠠᠳᠠᠨ᠎ᠠ᠂ ᠤᠤᠭᠤᠬᠤ ᠤᠰᠤ ᠪᠠᠨ ᠰᠢᠢᠳᠪᠦᠷᠢᠯᠡᠬᠦ ᠳᠤ ᠤᠨᠴᠠ ᠬᠦᠴᠢᠷᠳᠡᠵᠤ ᠪᠠᠶᠢᠭ᠎ᠠ ᠮᠠᠯᠵᠢᠬᠤ ᠣᠷᠣᠨ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠠᠴᠠ ᠬᠤᠯᠪᠣᠭᠳᠠᠯ ᠪᠥᠬᠦᠶ ᠭᠠᠵᠠᠷ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ ᠰᠠᠯᠠᠭ᠎ᠠ ᠮᠥᠴᠢᠷ ᠤᠳ ᠤᠰᠤ ᠬᠦᠷᠭᠡᠬᠦ ᠲᠡᠷᠭᠡ ᠬᠥᠰᠭᠡ ᠪᠠᠨ ᠴᠠᠭ ᠲᠤᠬᠠᠶ ᠳᠤᠨᠢ ᠲᠣᠬᠢᠷᠠᠭᠤᠯᠤᠨ ᠤᠰᠤ ᠬᠦᠷᠭᠡᠵᠤ᠂ ᠮᠠᠯ ᠠᠵᠤ ᠠᠬᠤᠶ ᠶᠢᠨ ᠦᠢᠯᠡᠳᠪᠦᠷᠢᠯᠡᠯ ᠢ ᠵᠦᠶ ᠵᠣᠬᠢᠰᠲᠠᠶ ᠲᠣᠬᠢᠷᠠᠭᠤᠯᠵᠤ᠂ ᠮᠠᠯᠴᠢᠳ ᠢ ᠬᠥᠲᠥᠯᠥᠨ ᠵᠢᠯᠣᠭᠤᠳᠴᠤ ᠡᠪᠡᠰᠦ ᠪᠣᠷᠳᠤᠭ᠎ᠠ ᠶᠢ ᠰᠢᠯᠵᠢᠭᠦᠯᠦᠨ ᠲᠡᠭᠡᠭᠡᠪᠦᠷᠢᠯᠡᠵᠤ᠂ ᠮᠠᠯ ᠢᠶᠠᠨ ᠤᠷᠢᠳᠴᠢᠯᠠᠨ ᠬᠤᠳᠠᠯᠳᠤᠵᠤ᠂ ᠱᠠᠯᠠᠪᠳᠠᠭᠤᠯᠤᠨ ᠬᠤᠳᠠᠯᠳᠤᠬᠤ ᠶᠢ ᠲᠥᠯᠦᠪᠵᠢᠭᠦᠯᠵᠤ᠂ ᠲᠠᠷᠢᠶᠠᠯᠠᠩ ᠮᠠᠯ ᠠᠵᠤ ᠠᠬᠤᠶ ᠶᠢᠨ ᠬᠤᠬᠢᠷᠠᠯ ᠢ ᠴᠢᠷᠮᠠᠶᠢᠨ ᠪᠠᠭᠠᠰᠬᠠᠵᠤ᠂ ᠮᠠᠯᠴᠢᠨ ᠲᠠᠷᠢᠶᠠᠴᠢᠳ ᠤᠨ ᠠᠰᠢᠭ ᠲᠤᠰᠠ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号