6 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠬᠦᠨᠳᠦ ᠬᠡᠯᠪᠡᠷᠢ ᠶᠢᠨ | ᠠᠴᠢᠶᠠᠨ ᠤ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠪᠸᠢ ᠪᠧᠨ ᠬᠦᠨᠳᠦ | ᠬᠡᠯᠪᠡᠷᠢ ᠶᠢᠨ ᠮᠠᠰᠢᠨ ᠲᠡᠷᠭᠡᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠤᠷᠠᠯᠳᠤᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ᠂ ᠳᠤᠮᠳᠠᠳᠤ ᠤᠯᠤᠰ ᠤᠨ ᠴᠡᠷᠢᠭ ᠤᠨ | ᠵᠡᠪᠰᠡᠭ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠶᠡᠷᠦᠩᠬᠡᠶ ᠳᠠᠭᠠᠭᠠᠮᠠᠯ᠂ ᠨᠠᠮ ᠤᠨ ᠤᠳᠤᠷᠢᠳᠬᠤ | ᠳᠤᠭᠤᠶᠢᠯᠠᠩ ᠤᠨ ᠳᠡᠳ᠋ ᠱᠦᠵᠢ ᠯᠢᠦ ᠳ᠋ᠡ ᠱᠠᠨ ᠶᠠᠷᠢᠶ᠎ᠠ ᠲᠠᠯᠪᠢᠪᠠ᠃ | ᠲᠣᠰ ᠤᠳᠠᠭᠠᠨ ᠤ ᠰᠢᠨ᠎ᠡ ᠡᠨᠧᠷᠭᠢ ᠶᠢᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡᠨ ᠤ ᠠᠵᠤ | ᠦᠶ᠋ᠯᠡᠰ ᠤᠨ ᠬᠥᠭᠵᠢᠯᠲᠡ ᠶᠢᠨ ᠶᠡᠭᠡ ᠬᠤᠷᠠᠯ ᠳᠡᠭᠡᠷ᠎ᠠ 7319 ᠰᠢᠨ᠎ᠡ ᠡᠨᠧᠷᠭᠢ ᠶᠢᠨ ᠬᠦᠨᠳᠦ ᠬᠡᠯᠪᠡᠷᠢ ᠶᠢᠨ | ᠠᠴᠢᠶᠠᠨ ᠤ ᠮᠠᠰᠢᠨ ᠲᠡᠷᠭᠡ ᠶᠢᠨ ᠰᠠᠨᠠᠮᠵᠢ ᠶᠢᠨ ᠭᠡᠷ᠎ᠡ ᠲᠤᠬᠳᠠᠪᠠ᠃ ᠬᠤᠷᠠᠯ ᠳᠡᠭᠡᠷ᠎ᠡ᠂ ᠴᠢᠩᠱᠠᠨ ᠲᠣᠭᠤᠷᠢᠭ ᠤᠨ | ᠵᠠᠰᠠᠭ ᠤᠨ ᠣᠷᠳᠣᠨ 14 ᠠᠵᠤ ᠠᠬᠤᠶᠢᠯᠠᠯ ᠲᠠᠢ ᠰᠢᠨ᠎ᠡ ᠡᠨᠧᠷᠭᠢ ᠶᠢᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ | ᠲᠡᠷᠭᠡᠨ ᠤ ᠠᠵᠤ ᠦᠢᠯᠡᠰ ᠤᠨ ᠬᠡᠯᠬᠢᠶ᠎ᠡ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ᠃ ᠪᠸᠢ ᠪᠧᠨ | ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡᠨ ᠤ ᠺᠣᠮᠫᠠᠨᠢ 8 ᠠᠵᠤ ᠠᠬᠤᠶᠢᠯᠠᠯ ᠲᠠᠢ ᠪᠤᠬᠢᠷᠳᠤᠯ ᠦᠭᠡᠢ | ᠮᠥᠩᠭᠦᠨ ᠭᠦᠢᠯᠭᠡᠭᠡᠨ ᠤ ᠳᠡᠮᠵᠢᠯᠭᠡ ᠶᠢᠨ ᠵᠦᠪᠯᠡᠯᠴᠡᠭᠡᠷ ᠲᠣᠭᠲᠠᠵᠤ᠂ 20 ᠠᠵᠤ ᠠᠬᠤᠶᠢᠯᠠᠯ ᠲᠠᠢ ᠰᠢᠨ᠎ᠡ | ᠡᠨᠧᠷᠭᠢ ᠶᠢᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡ ᠶᠢ ᠲᠥᠪᠯᠡᠷᠡᠭᠦᠯᠦᠨ ᠬᠤᠳᠠᠯᠳᠤᠨ ᠠᠪᠬᠤ ᠭᠡᠷ᠎ᠡ | ᠲᠣᠭᠲᠠᠭᠰᠠᠨ ᠪᠥᠭᠡᠳ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠳᠤ ᠴᠠᠬᠢᠯᠭᠠᠨ ᠬᠥᠳᠡᠯᠭᠡᠭᠦᠷᠲᠦ ᠬᠦᠨᠳᠦ | ᠬᠡᠯᠪᠡᠷᠢ ᠶᠢᠨ ᠠᠴᠢᠶᠠᠨ ᠤ ᠮᠠᠰᠢᠨ ᠲᠡᠷᠭᠡ ᠪᠠ ᠮᠠᠰᠢᠨ ᠲᠡᠷᠭᠡᠨ ᠤ ᠬᠡᠢ ᠭᠠᠳᠠᠭᠰᠢᠯᠠᠭᠤᠯᠬᠤ ᠪᠠᠷᠢᠮᠵᠢᠶ᠎ᠡ ᠨᠢ | ᠤᠯᠤᠰ ᠤᠨ ᠮᠠᠰᠢᠨ ᠲᠡᠷᠭᠡᠨ ᠤ ᠬᠡᠢ ᠭᠠᠳᠠᠭᠰᠢᠯᠠᠭᠤᠯᠬᠤ ᠪᠠᠷᠢᠮᠵᠢᠶ᠎ᠡ ᠶᠢᠨ ᠵᠢᠷᠭᠤᠳᠤᠭᠠᠷ ᠱᠠᠲᠤᠨ ᠤ ᠲᠤᠭᠲᠠᠭᠠᠯ ᠤᠨ | ᠱᠠᠭᠠᠷᠳᠠᠯᠭ᠎ᠠ ᠳᠤ ᠬᠦᠷᠦᠭᠰᠡᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡ ᠶᠢ ᠪᠥᠭᠡᠮ ᠢᠶᠠᠷ ᠲᠤᠰᠢᠶᠠᠬᠤ ᠪᠠᠷ | ᠪᠤᠯᠪᠠ᠃ ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠪᠤᠭᠤᠲᠤ ᠬᠤᠲᠠ ᠶᠢᠨ ᠪᠠᠷᠠᠭᠤᠨ ᠬᠡᠰᠡᠭ ᠤᠨ ᠡᠬᠡ | ᠬᠠᠭᠤᠷᠠᠶ ᠶᠢᠨ ᠭᠠᠷᠠᠮ ᠳᠤ ︽ᠰᠢᠨ᠎ᠡ ᠡᠨᠧᠷᠭᠢ + ᠲᠠᠷᠠᠬᠠᠶ ᠪᠤᠲᠠᠷᠬᠠᠶ ᠪᠠᠷ ᠲᠡᠬᠡᠬᠡᠪᠦᠷᠢᠯᠡᠵᠤ ᠪᠠᠶᠢᠬᠰᠠᠨ ᠢ | ᠴᠢᠩᠬᠡᠯᠢᠭ ᠲᠤ ᠰᠠᠪᠠᠯᠠᠵᠤ ᠲᠡᠬᠡᠬᠡᠪᠦᠷᠢᠯᠡᠬᠦ ᠪᠤᠯᠭᠠᠨ ᠦᠬᠡᠷᠡᠴᠢᠯᠡᠬᠦ︾ ᠲᠥᠷᠥᠯ ᠵᠦᠶ᠋ᠯ ᠤᠨ ᠪᠤᠳᠠᠳᠠᠢ ᠦᠵᠡᠭᠦᠯᠭᠡ ᠶᠢ | ᠲᠣᠭᠤᠷᠢᠨ ᠦᠵᠡᠪᠡ᠃ | ᠠᠶ ᠯᠢ ᠬᠤᠸᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠦᠨ᠎ᠡ ᠠᠴᠠ ᠥᠷᠭᠡᠨ ᠣᠯᠠᠨ | ᠠᠵᠤ ᠠᠬᠤᠶᠢᠯᠠᠯᠲᠠᠨ ᠤ ᠥᠪᠥᠷ ᠮᠣᠩᠭᠤᠯ ᠳᠤ ᠪᠠᠯᠠ ᠣᠷᠣᠭᠤᠯᠤᠨ ᠦᠢᠯᠡᠰ ᠬᠥᠭᠵᠢᠭᠦᠯᠦᠭᠰᠡᠨ ᠪᠠ ᠰᠢᠨ᠎ᠡ | ᠡᠨᠧᠷᠭᠢ ᠶᠢᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢ | ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠭᠡᠵᠦ᠂ ᠳᠤᠮᠳᠠᠳᠤ ᠤᠯᠤᠰ ᠤᠨ ᠴᠡᠷᠢᠭ ᠤᠨ ᠵᠡᠪᠰᠡᠭ ᠤᠨ ᠠᠵᠤ | ᠦᠢᠯᠡᠳᠪᠦᠷᠢ ᠶᠢᠨ ᠪᠦᠯᠦᠭᠯᠡᠯ ᠤᠨ ᠬᠢᠨ ᠣᠷᠳᠣ ᠬᠤᠭᠤᠴᠠᠭᠠᠨ ᠤ ᠲᠤᠷᠰᠢ ᠥᠪᠥᠷ ᠮᠣᠩᠭᠤᠯ ᠤᠨ ᠠᠵᠤ ᠠᠬᠤᠶ ᠶᠢᠨ | ᠪᠥᠲᠥᠭᠡᠨ ᠪᠠᠶᠢᠭᠤᠯᠤᠯᠲᠠ ᠳᠤ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ᠂ | ᠢᠷᠡᠭᠡᠳᠦᠢ ᠪᠠᠨ ᠪᠠᠷᠠᠯᠠᠬᠤᠶ᠎ᠠ᠂ ᠪᠢᠳᠡ ᠳᠤᠷᠠᠲᠠᠶ᠎ᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ | ᠡᠬᠢᠨ ᠤ ᠪᠠ ᠡᠴᠦᠰ ᠤᠨ ᠬᠡᠯᠬᠢᠶᠡᠨ ᠤ ᠬᠠᠮᠲᠤᠷᠠᠯᠴᠠᠭᠠᠨ ᠤ ᠬᠠᠨᠢᠲᠠᠨ ᠲᠠᠢ ᠬᠠᠮᠲᠤ ᠪᠠᠷ᠂ ᠰᠢᠨ᠎ᠡ ᠡᠨᠧᠷᠭᠢ ᠶᠢᠨ | ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡ ᠵᠡᠷᠭᠡ ᠬᠦᠷᠢᠶᠡᠨ ᠳᠤ ᠣᠷᠣᠨ ᠨᠤᠲᠤᠭ ᠪᠠ ᠠᠵᠤ ᠠᠬᠤᠶᠢᠯᠠᠯ ᠤᠨ | ᠳᠠᠪᠠᠭᠤᠯᠢᠭ ᠡᠬᠢ ᠪᠠᠶᠠᠯᠢᠭ ᠢ ᠲᠥᠪᠯᠡᠷᠡᠭᠦᠯᠵᠦ᠂ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ | ᠣᠷᠣᠨ ᠵᠠᠢ ᠶᠢ ᠥᠷᠭᠡᠳᠭᠡᠵᠦ᠂ ᠰᠢᠨ᠎ᠡ ᠡᠨᠧᠷᠭᠢ ᠶᠢᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠪᠦᠷᠢᠨ ᠠᠵᠤ | ᠦᠢᠯᠡᠰ ᠤᠨ ᠬᠡᠯᠬᠢᠶ᠎ᠡ ᠲᠠᠢ ᠠᠵᠤ ᠦᠢᠯᠡᠰ ᠤᠨ ᠪᠦᠯᠦᠭᠵᠢᠯ ᠢ ᠲᠦᠷᠭᠡᠳᠭᠡᠨ ᠪᠦᠷᠢᠯᠳᠦᠭᠦᠯᠵᠦ᠂ ᠠᠵᠤ ᠠᠬᠤᠢ ᠶᠢᠨ | ᠬᠥᠭᠵᠢᠯᠲᠡ ᠳᠤ ᠪᠦᠬᠦ ᠬᠦᠴᠦ ᠪᠠᠷ ᠢᠶᠠᠨ ᠦᠢᠯᠡᠴᠢᠯᠡᠨ᠎ᠡ ᠭᠡᠪᠡ᠃ | | |