ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/6/21
       6 ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠦᠨᠳᠦᠰᠦᠲᠡᠨ ᠤ ᠰᠣᠶᠣᠯ ᠤᠨ ᠲᠥᠪ ᠤᠨ ᠨᠢᠭᠡᠳᠦᠭᠡᠷ ᠳᠠᠪᠬᠤᠷᠭ᠎ᠠ ᠶᠢᠨ ᠮᠡᠳᠡᠭᠦᠯᠦᠯᠲᠡ ᠶᠢᠨ ᠲᠢᠩᠬᠢᠮ ᠳᠤ ᠬᠤᠷᠠᠯᠳᠤᠪᠠ᠃        ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠨᠡᠶᠢᠲᠡ 150 ᠬᠦᠮᠦᠨ ᠪᠠᠶᠢᠵᠤ᠂ ᠬᠤᠷᠠᠯ ᠳᠤ ᠣᠷᠣᠯᠴᠠᠭᠰᠠᠨ ᠲᠦᠯᠦᠭᠡᠯᠡᠭᠴᠢ 122 ᠬᠦᠮᠦᠨ᠂ ᠬᠠᠥᠯᠢ ᠳᠤ ᠲᠣᠭᠲᠠᠭᠠᠭᠰᠠᠨ ᠬᠦᠮᠦᠨ ᠤ ᠲᠤᠭ᠎ᠠ ᠳᠤ ᠨᠡᠶᠢᠴᠡᠪᠡ᠃
       ᠶᠡᠭᠡ ᠬᠤᠷᠠᠯ ᠤᠨ ᠭᠦᠢᠴᠡᠳᠬᠡᠬᠦ ᠲᠡᠷᠢᠭᠦᠯᠡᠭᠴᠢ ᠪᠦᠬᠡᠪᠠᠶᠠᠷ᠂ ᠴᠧᠨ ᠯᠦᠩ᠂ ᠳᠠᠰᠢᠵᠠᠮᠰᠤ᠂ ᠲᠢᠶᠠᠨ ᠹᠧᠩ ᠯᠢᠨ᠂ ᠸᠠᠩ ᠶᠢᠩ ᠬᠤ᠋᠂ ᠳ᠋ᠠᠢ ᠶᠢᠨ ᠴᠢᠤᠸᠠᠨ᠂ ᠸᠠᠩ ᠴᠢᠤᠸᠠᠨ᠂ ᠠᠮᠢᠯᠠᠯ᠂ ᠭᠤᠸ᠎ᠠ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠦᠷ ᠲᠤ ᠰᠠᠭᠤᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠴᠧᠨ ᠯᠦᠩ ᠬᠤᠷᠠᠯ ᠡᠷᠬᠢᠯᠡᠪᠡ᠃        ᠬᠤᠷᠠᠯ ᠠᠴᠠ ︽ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠤᠨ ᠰᠤᠩᠭᠤᠭᠤᠯᠢ ᠶᠢᠨ ᠠᠷᠭ᠎ᠠ︾ ︽2022 ᠣᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠢᠯᠧᠲ ᠢᠶᠠᠷ ᠰᠢᠢᠳᠪᠦᠷᠢ ᠥᠭᠬᠦ ᠠᠷᠭ᠎ᠠ︾ ᠵᠢᠴᠢ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠢ ᠵᠥᠪᠰᠢᠶᠡᠷᠡᠪᠡ᠃        ᠬᠤᠷᠠᠯ ᠠᠴᠠ ᠨᠡᠷ᠎ᠡ ᠪᠢᠴᠢᠬᠦ ᠦᠭᠡᠢ ᠪᠠᠷ ᠪᠢᠯᠧᠲ ᠥᠭᠬᠦ ᠬᠡᠯᠪᠡᠷᠢ ᠪᠠᠷ ᠳᠠᠮᠵᠢᠨ᠂ ᠲᠢᠶᠠᠨ ᠵᠢᠩ ᠵᠢᠩ᠂ ᠾᠧ ᠴᠠᠩ ᠵᠢᠶᠧ ᠬᠤᠶᠠᠷ ᠨᠦᠬᠦᠷ ᠢ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠢᠶᠠᠷ ᠰᠣᠩᠭᠤᠪᠠ᠃        ᠶᠡᠭᠡ ᠬᠤᠷᠠᠯ ᠠᠴᠠ ᠪᠣᠭᠳᠠᠠᠭᠤᠯᠠ ᠰᠤᠮᠤ ᠠᠴᠠ ᠪᠧᠳᠢᠠᠠᠭᠤᠯᠠ ᠭᠠᠴᠠᠭ᠎ᠠ ᠬᠦᠷᠬᠦ ᠵᠠᠰᠠᠮᠠᠯ ᠵᠠᠮ ᠤᠨ ᠲᠦᠷᠦᠯ ᠵᠦᠢᠯ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠰᠢᠨ᠎ᠡ ᠪᠠᠷ ᠪᠠᠶᠢᠭᠤᠯᠤᠭᠰᠠᠨ ᠤᠯᠠᠨ ᠴᠢᠳᠠᠮᠵᠢᠲᠤ ᠵᠢᠭᠠᠨ ᠰᠤᠷᠭᠠᠯᠲᠠ ᠶᠢᠨ ᠶᠡᠷᠦᠩᠬᠡᠶᠢᠯᠡᠭᠰᠡᠨ ᠠᠰᠠᠷ ᠤᠨ ᠲᠦᠷᠦᠯ ᠵᠦᠢᠯ᠂ ᠣᠷᠱᠣᠨ ᠰᠤᠷᠭᠠᠭᠤᠯᠢ ᠶᠢᠨ ᠰᠢᠨ᠎ᠡ ᠪᠠᠷ ᠪᠠᠶᠢᠭᠤᠯᠤᠭᠰᠠᠨ ᠤᠯᠠᠨ ᠴᠢᠳᠠᠮᠵᠢᠲᠤ ᠵᠢᠭᠠᠨ ᠰᠤᠷᠭᠠᠯᠲᠠ ᠶᠢᠨ ᠶᠡᠷᠦᠩᠬᠡᠶᠢᠯᠡᠭᠰᠡᠨ ᠠᠰᠠᠷ ᠤᠨ ᠲᠦᠷᠦᠯ ᠵᠦᠢᠯ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠯᠳ᠋ᠬᠠᠮᠡᠭᠡᠯ ᠪᠠᠯᠭᠠᠰᠤ ᠶᠢᠨ 2022 ᠣᠨ ᠤ ᠭᠤᠳᠤᠮᠵᠢ ᠶᠢᠨ ᠵᠠᠮ ᠢ ᠵᠠᠰᠠᠨ ᠴᠡᠭᠴᠡᠯᠡᠬᠦ ᠲᠦᠷᠦᠯ ᠵᠦᠢᠯ ᠢ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢᠶᠠᠷ ᠲᠣᠭᠲᠠᠭᠠᠪᠠ᠃
       ᠴᠧᠨ ᠯᠦᠩ ᠵᠢᠭᠠᠬᠤ ᠳᠠᠭᠠᠨ᠂ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠪᠣᠯ ︽ᠬᠤᠶᠠᠷ ᠢ ᠲᠣᠭᠲᠠᠭᠠᠬᠤ︾ ᠶᠢ ᠴᠢᠩ ᠰᠡᠳᠬᠢᠯ ᠠᠴᠠ ᠪᠠᠨ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠦᠭᠰᠡᠨ ᠶᠡᠭᠡ ᠬᠤᠷᠠᠯ ᠮᠥᠨ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠨ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠮᠥᠨ᠂ ᠵᠠᠮ ᠨᠡᠭᠡᠭᠡᠨ ᠰᠢᠨ᠎ᠡ ᠶᠢ ᠡᠭᠦᠳᠴᠦ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠭᠰᠡᠨ ᠶᠡᠭᠡ ᠬᠤᠷᠠᠯ ᠮᠥᠨ᠃ ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠬᠠᠤᠯᠢ ᠶᠣᠰᠣᠭᠠᠷ ᠡᠷᠬᠡ ᠪᠠᠨ ᠬᠡᠷᠡᠭᠵᠢᠭᠦᠯᠵᠦ᠂ ᠡᠭᠦᠷᠭᠡ ᠲᠤᠰᠢᠶᠠᠯ ᠢᠶᠠᠨ ᠨᠠᠷᠢᠨ ᠬᠢᠨᠠᠮᠠᠭᠠᠢ ᠭᠦᠢᠴᠡᠳᠬᠡᠨ ᠰᠠᠨᠠᠯ ᠰᠠᠨᠠᠭᠤᠯᠭ᠎ᠠ ᠳᠤᠷᠠᠳᠴᠤ᠂ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠨ᠂ ᠤᠯᠤᠰ ᠲᠦᠷᠦ ᠶᠢᠨ ᠣᠷᠭᠢᠯᠤᠮ᠎ᠠ ᠬᠠᠯᠠᠭᠤᠨ ᠰᠡᠳᠬᠢᠯᠭᠡ ᠪᠠ ᠳᠡᠭᠡᠳᠦ ᠬᠡᠮᠵᠢᠶ᠎ᠡ ᠪᠠᠷ ᠬᠠᠷᠢᠭᠤᠴᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃        ᠴᠧᠨ ᠯᠦᠩ ᠴᠢᠬᠤᠯᠠᠴᠢᠯᠠᠬᠤ ᠳᠠᠭᠠᠨ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ ᠪᠣᠯᠣᠨ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠯᠤᠰ ᠲᠥᠷᠥ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠤᠬᠠᠮᠰᠠᠷ ᠢᠶᠠᠨ ᠢᠯᠡᠷᠡᠭᠦᠯᠵᠦ᠂ ᠶᠡᠭᠡ ᠲᠠᠯ᠎ᠠ ᠶᠢᠨ ᠲᠣᠭᠤᠷᠢᠨ ᠳᠤ ᠬᠢᠨᠠᠯᠲᠠ ᠲᠠᠯᠪᠢᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠪᠠᠨ ᠢᠯᠡᠷᠡᠭᠦᠯᠵᠦ᠂ ᠲᠥᠯᠥᠭᠡᠯᠡᠭᠴᠢᠳ ᠤᠨ ᠠᠵᠢᠯ ᠢ ᠥᠷᠭᠡᠳᠬᠡᠬᠦ ᠲᠠᠯ᠎ᠠ ᠪᠠᠷ ᠰᠢᠨ᠎ᠡ ᠳᠦᠷᠰᠦ ᠪᠠᠶᠢᠳᠠᠯ ᠢᠶᠠᠨ ᠢᠯᠡᠷᠡᠭᠦᠯᠵᠦ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠲᠠᠯ᠎ᠠ ᠪᠠᠷ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠬᠦ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠨᠠᠮ ᠤᠨ ᠤᠳᠤᠷᠢᠳᠤᠯᠭ᠎ᠠ ᠳᠣᠣᠷᠠᠬᠢ ᠴᠢᠬᠤᠯᠠ ᠤᠯᠤᠰ ᠲᠥᠷᠥ ᠶᠢᠨ ᠪᠠᠶᠢᠭᠤᠯᠭ᠎ᠠ ᠮᠥᠨ ᠭᠡᠳᠡᠭ ᠢ ᠢᠮᠠᠭᠲᠠ ᠪᠠᠲᠤ ᠴᠡᠭᠡᠵᠢᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠵᠤ ᠪᠤᠳᠠᠲᠠᠶᠢᠵᠢᠭᠤᠯᠤᠨ᠂ ᠤᠨᠤᠯ ᠤᠨ ᠬᠤᠷᠴᠠ ᠰᠡᠷᠭᠡᠭ ᠢᠶᠠᠷ ᠦᠵᠡᠯ ᠰᠠᠨᠠᠭᠠᠨ ᠤ ᠤᠬᠠᠮᠰᠠᠷ ᠢᠶᠠᠨ ᠪᠠᠲᠤᠳᠬᠠᠵᠤ᠂ ᠢᠯᠡ ᠲᠣᠳᠣ ᠵᠣᠭᠰᠣᠯᠲᠠ ᠪᠠᠷ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠷ ᠠᠵᠢᠯᠯᠠᠭᠠᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠲᠤᠰᠬᠠᠢ ᠠᠵᠢᠯ ᠤᠨ ᠮᠡᠳᠡᠭᠦᠯᠦᠯᠲᠡ ᠰᠣᠨᠣᠰᠬᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ᠂ ᠪᠠᠶᠢᠴᠠᠭᠠᠨ ᠦᠵᠡᠵᠦ ᠪᠠᠶᠢᠴᠠᠭᠠᠨ ᠰᠤᠳᠤᠯᠤᠯᠲᠠ ᠬᠢᠬᠦ᠂ ︽ᠡᠷᠬᠢᠨ ᠬᠠᠷᠠᠵᠤ ᠦᠷ᠎ᠡ ᠪᠦᠲᠦᠮᠵᠢ ᠶᠢ ᠠᠰᠠᠭᠤᠬᠤ︾ ᠵᠡᠷᠭᠡ ᠠᠷᠭ᠎ᠠ ᠬᠡᠯᠪᠡᠷᠢ ᠪᠠᠷ ᠬᠤᠰᠢᠭᠤᠨ ᠤ ᠨᠠᠮ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦ ᠨᠡᠮᠡᠷᠢᠯᠡᠬᠦ ᠬᠡᠷᠡᠭᠲᠡᠢ ᠭᠡᠵᠡᠢ᠃
       ᠴᠧᠨ ᠯᠦᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠮᠠᠭᠲᠠ ᠲᠥᠯᠥᠭᠡᠯᠡᠬᠦ ᠪᠠᠶᠢᠭᠤᠯᠤᠯᠭ᠎ᠠ ᠶᠢᠨ ᠪᠠᠶᠢᠷᠢ ᠲᠣᠭᠲᠠᠭᠠᠯᠲᠠ ᠶᠢ ᠡᠵᠡᠮᠳᠡᠵᠦ᠂ ᠲᠥᠯᠥᠭᠡᠯᠡᠭᠴᠢᠳ ᠤᠨ ᠭᠤᠣᠯ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠲᠥᠯᠥᠭᠡᠯᠡᠭᠴᠢᠳ ᠤᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠲᠥᠯᠥᠭᠡᠯᠡᠭᠴᠢᠳ ᠤᠨ ᠠᠵᠢᠯᠯᠠᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠤᠶᠤᠨ ᠤᠬᠠᠭᠠᠨ ᠢ ᠨᠢᠭᠲᠠᠷᠠᠭᠤᠯᠵᠤ᠂ ᠠᠷᠠᠳ ᠤᠨ ᠵᠣᠪᠠᠭᠤᠷᠢ ᠶᠢ ᠠᠷᠢᠯᠭᠠᠵᠤ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠪᠠᠶᠢᠩᠭᠤ ᠶᠢᠨ ᠬᠤᠷᠢᠶ᠎ᠠ ᠠᠵᠢᠯ ᠤᠨ ᠪᠠᠶᠢᠭᠤᠯᠭ᠎ᠠ ᠶᠢᠨ ᠪᠠᠶᠢᠷᠢ ᠲᠣᠭᠲᠠᠭᠠᠯᠲᠠ ᠶᠢ ᠢᠮᠠᠭᠲᠠ ᠡᠵᠡᠮᠳᠡᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠰᠦᠭ ᠰᠦᠨᠡᠰᠦ ᠶᠢ ᠱᠤᠭᠤᠵᠤ ᠦᠨᠳᠦᠰᠦ ᠶᠢ ᠪᠠᠲᠤᠳᠬᠠᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠤᠷᠳᠤ ᠬᠤᠭᠤᠴᠠᠭ᠎ᠠ ᠪᠠᠷ ᠰᠤᠷᠲᠠᠯ ᠢᠶᠠᠨ ᠬᠤᠪᠢᠷᠠᠭᠤᠯᠵᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠤᠷᠳᠤ ᠬᠤᠭᠤᠴᠠᠭ᠎ᠠ ᠪᠠᠷ ᠭᠠᠪᠢᠶ᠎ᠠ ᠵᠢᠳᠬᠦᠯ ᠳᠤ ᠬᠡᠪ ᠳᠠᠭᠤᠷᠢᠶᠠᠯ ᠦᠵᠡᠭᠦᠯᠵᠦ᠂ ᠪᠠᠶᠢᠩᠭᠤ ᠶᠢᠨ ᠬᠤᠷᠢᠶᠠᠨ ᠤ ︽ᠲᠦᠷᠪᠡᠨ ᠪᠠᠶᠢᠭᠤᠯᠭ᠎ᠠ︾ ᠶᠢᠨ ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠰᠢᠨ᠎ᠡ ᠪᠠᠷᠭᠤ ᠪᠠᠷᠠᠭᠤᠨ ᠬᠤᠰᠢᠭᠤ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃        ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠠᠮᠵᠢᠯᠲᠠᠲᠠᠢ ᠲᠡᠭᠦᠰᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号