| | | 6 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ | ᠱᠤᠤ ᠴᠧᠩ ᠬᠥᠯᠥᠨ ᠪᠤᠶᠢᠷ ᠬᠤᠲᠠ ᠶᠢᠨ ᠬᠥᠯᠥᠨ ᠨᠠᠭᠤᠷ ᠲᠤ ᠬᠦᠷᠴᠦ᠂ ᠨᠠᠭᠤᠷ ᠢᠶᠠᠷ ᠲᠤᠭᠤᠷᠢᠨ | ᠶᠠᠷᠦᠩᠬᠡᠶᠢᠯᠡᠭᠰᠡᠨ ᠵᠠᠰᠠᠯᠲᠠ ᠪᠠ ᠠᠮᠢ ᠠᠬᠤᠢ ᠶᠢᠨ ᠬᠠᠮᠠᠭᠠᠯᠠᠯᠲᠠ ᠶᠢᠨ ᠪᠠᠶᠢᠳᠠᠯ ᠢ ᠪᠠᠶᠢᠴᠠᠭᠠᠨ ᠦᠵᠡᠪᠡ᠃ | ᠰᠤᠷᠪᠤᠯᠵᠢᠯᠠᠭᠴᠢ ᠶᠤᠸᠠᠨ ᠶᠦᠩ ᠬᠤᠩ ᠰᠡᠭᠦᠳᠡᠷᠯᠡᠪᠡ | | | | 6 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ | ᠱᠤᠤ ᠴᠧᠩ ᠬᠥᠯᠥᠨ ᠪᠤᠶᠢᠷ ᠬᠤᠲᠠ ᠶᠢᠨ ᠬᠠᠭᠤᠴᠢᠨ ᠪᠠᠷᠭᠤ ᠬᠤᠰᠢᠭᠤᠨ ᠤ ᠭᠢᠶᠠᠭ ᠡᠪᠡᠰᠦ ᠶᠢᠨ ᠦᠷᠡᠵᠢᠯ ᠢ | ᠦᠷᠭᠡᠳᠭᠡᠬᠦ ᠰᠠᠭᠤᠷᠢᠨ ᠳᠤ ᠪᠠᠶᠢᠴᠠᠭᠠᠨ ᠰᠤᠳᠤᠯᠤᠯᠲᠠ ᠬᠢᠪᠡ᠃ | ᠰᠤᠷᠪᠤᠯᠵᠢᠯᠠᠭᠴᠢ ᠶᠤᠸᠠᠨ ᠶᠦᠩ ᠬᠤᠩ ᠰᠡᠭᠦᠳᠡᠷᠯᠡᠪᠡ | | 6 ᠰᠠᠷ᠎ᠠ ᠶᠢᠨ 17 ᠠᠴᠠ 19 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠱᠦᠵᠢ ᠰᠦᠨ ᠱᠤᠤ ᠴᠧᠩ ᠬᠥᠯᠥᠨ ᠪᠤᠶᠢᠷ ᠬᠤᠲᠠ ᠳᠤ ᠭᠦᠨᠵᠡᠭᠡᠶᠢᠷᠡᠨ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ᠃ | ᠰᠦᠨ ᠱᠤᠤ ᠴᠧᠩ ᠣᠩᠭᠤᠴᠠᠨ ᠳᠤ ᠰᠠᠭᠤᠵᠤ ᠬᠥᠯᠥᠨ ᠨᠠᠭᠤᠷ ᠤᠨ ᠠᠮᠢ ᠠᠬᠤᠢ ᠶᠢᠨ ᠵᠠᠰᠠᠯᠲᠠ ᠶᠢᠨ | ᠪᠠᠶᠢᠳᠠᠯ ᠢ ᠲᠣᠭᠤᠷᠢᠨ ᠪᠠᠶᠢᠴᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠪᠣᠳᠠᠲᠠᠢ ᠠᠴᠠ ᠡᠭᠦᠰᠦᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠵᠤ᠂ | ᠲᠦᠷᠦᠯ ᠵᠦᠢᠯ ᠢ ᠬᠡᠷᠡᠭᠵᠢᠭᠦᠯᠬᠦ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠤᠯᠠᠷᠠᠭᠤᠯᠤᠯ ᠦᠭᠡᠢ ᠴᠢᠩᠭ᠎ᠠ | ᠠᠳᠬᠤᠵᠤ᠂ ᠡᠷᠬᠢᠨ ᠲᠣᠭᠤᠷᠢᠨ ᠤ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠠᠰᠠᠭᠤᠳᠠᠯ ᠢ ᠰᠠᠶᠢᠲᠤᠷ | ᠰᠢᠢᠳᠪᠦᠷᠢᠯᠡᠵᠦ᠂ ᠦᠪᠡᠷ ᠤᠨ ᠦᠷᠲᠡᠭ ᠢᠶᠠᠷ ᠬᠠᠮᠤᠭ ᠤᠨ ᠲᠤᠤᠷ᠎ᠡ ᠠᠷᠭ᠎ᠠ ᠬᠡᠯᠪᠡᠷᠢ ᠪᠠᠷ ᠬᠠᠮᠤᠭ ᠤᠨ ᠰᠠᠶᠢᠨ | ᠵᠠᠰᠠᠯᠲᠠ ᠶᠢᠨ ᠦᠷ᠎ᠡ ᠪᠦᠲᠦᠮᠵᠢ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠵᠠᠬᠢᠪᠠ᠃ ᠰᠦᠨ ᠱᠤᠤ ᠴᠧᠩ ᠲᠠᠯ᠎ᠠ | ᠨᠤᠲᠤᠭ ᠲᠤ ᠬᠦᠨᠵᠡᠬᠡᠶᠢᠷᠡᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ ᠰᠢᠨᠵᠢᠯᠡᠨ ᠪᠠᠶᠢᠴᠠᠭᠠᠵᠤ᠂ ᠡᠷᠦᠬᠡ ᠳᠤ | ᠬᠦᠷᠴᠦ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠣᠶᠢᠯᠠᠭᠠᠪᠠ᠃ ᠲᠡᠷᠡ᠂ ᠬᠥᠯᠥᠨ ᠪᠤᠶᠢᠷ ᠲᠤ | ᠠᠪᠴᠤ ᠬᠡᠯᠡᠪᠡᠯ᠂ ᠬᠥᠬᠡᠮᠳᠦᠭ ᠨᠣᠭᠤᠭᠠᠨ ᠠᠭᠤᠯᠠ ᠤᠰᠤ ᠶᠢ ᠰᠠᠶᠢᠲᠤᠷ ᠬᠠᠮᠠᠭᠠᠯᠠᠬᠤ ᠠᠴᠠ ᠨᠠᠩ ᠴᠢᠬᠤᠯᠠ ᠶᠠᠪᠤᠳᠠᠯ | ᠭᠡᠵᠦ ᠥᠬᠡᠶ᠂ ᠡᠨᠡ ᠬᠦ ᠨᠣᠮᠢᠨ ᠨᠣᠭᠤᠭᠠᠨ ᠡᠷᠳᠡᠨᠢᠳᠦ ᠰᠠᠶᠢᠬᠠᠨ ᠨᠤᠲᠤᠭ ᠢᠶᠠᠨ ᠵᠠᠪᠠᠯ ᠰᠠᠶᠢᠲᠤᠷ ᠰᠠᠬᠢᠨ | ᠬᠠᠮᠠᠭᠠᠯᠠᠬᠤ ᠬᠡᠷᠡᠭᠲᠡᠶ᠃ ᠬᠢᠶᠠᠭ ᠡᠪᠡᠰᠦ ᠶᠢᠨ ᠦᠷᠡᠵᠢᠯ ᠢ ᠥᠷᠭᠡᠳᠭᠡᠬᠦ ᠮᠡᠲᠦ ᠶᠢᠨ ᠠᠰᠢᠭᠲᠠᠢ ᠠᠴᠠ ᠪᠢᠰᠢ ᠬᠦᠨᠦᠭᠡᠯ | ᠦᠭᠡᠢ᠂ ᠨᠢᠭᠡ ᠶᠠᠪᠤᠳᠠᠯ ᠢᠶᠠᠷ ᠤᠯᠠᠨ ᠲᠠᠯ᠎ᠠ ᠶᠢᠨ ᠠᠰᠢᠭ ᠬᠦᠷᠳᠡᠬᠦ ᠶᠠᠪᠤᠳᠠᠯ ᠢ ᠪᠤᠯ ︽ᠶᠡᠭᠡ ᠪᠠᠷ ᠬᠢᠵᠦ ᠲᠦᠷᠭᠡᠨ | ᠬᠦᠳᠡᠯᠦᠯᠴᠡᠵᠦ︾᠂ ᠡᠷᠲᠡᠬᠡᠨ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ ᠭᠡᠵᠡᠢ᠃ | ᠰᠦᠨ ᠱᠤᠤ ᠴᠧᠩ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠲᠡᠷᠡ᠂ ᠥᠪᠥᠷ ᠮᠣᠩᠭᠤᠯ ᠤᠨ ᠠᠮᠢ | ᠠᠬᠤᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠵᠢᠭᠠᠪᠤᠷᠢ᠂ | ᠨᠠᠮ ᠤᠨ ᠲᠥᠪ ᠬᠤᠷᠢᠶᠠᠨ ᠤ ᠱᠠᠭᠠᠷᠳᠠᠯᠭ᠎ᠠ᠂ ᠤᠯᠤᠰ ᠤᠨ ᠠᠰᠢᠭ ᠲᠤᠰᠠ ᠮᠥᠷᠳᠡᠭᠡᠨ ᠠᠷᠠᠳ ᠤᠯᠠᠨ ᠤ ᠬᠦᠰᠡᠯ | ᠡᠷᠡᠮᠡᠯᠵᠡᠯ ᠮᠥᠨ᠂ ᠪᠢᠳᠡᠨ ᠤ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠮᠥᠨ᠃ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠪᠣᠯᠤᠨ ᠠᠵᠤ ᠠᠬᠤᠢ ᠶᠢᠨ ᠬᠥᠭᠵᠢᠯᠲᠡ ᠶᠢᠨ ᠬᠠᠷᠢᠴᠠᠭ᠎ᠠ ᠶᠢ ᠰᠠᠶᠢᠲᠤᠷ | ᠰᠢᠢᠳᠪᠦᠷᠢᠯᠡᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠ ᠮᠥᠩᠭᠦᠨ ᠠᠭᠤᠯᠠ ᠪᠣᠯᠭᠠᠨ ᠬᠤᠪᠢᠷᠠᠭᠤᠯᠬᠤ | ᠴᠢᠳᠠᠪᠤᠷᠢ ᠶᠢ ᠴᠢᠷᠮᠠᠶᠢᠨ ᠡᠵᠡᠮᠰᠢᠬᠦ ᠬᠡᠷᠡᠭᠲᠡᠢ᠃ ᠲᠥᠯᠥᠪᠵᠢᠭᠦᠯᠭᠡ ᠶᠢᠨ ᠨᠠᠶᠢᠳᠠᠪᠤᠷᠢᠵᠢᠭᠤᠯᠤᠯᠲᠠ ᠶᠢ ᠤᠷᠳᠤ | ᠬᠤᠭᠤᠴᠠᠭ᠎ᠠ ᠪᠠᠷ ᠴᠦᠬᠦᠷᠡᠰᠢ ᠦᠭᠡᠢ ᠰᠠᠶᠢᠲᠤᠷ ᠠᠳᠬᠤᠵᠤ᠂ ᠲᠥᠪ ᠤᠨ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠳᠠ ᠠᠴᠠ ᠬᠠᠷᠢᠭᠤ ᠲᠤᠰᠬᠠᠭᠰᠠᠨ ᠠᠰᠠᠭᠤᠳᠠᠯ ᠢ ᠡᠷᠡᠰ ᠴᠡᠭᠴᠡᠯᠡᠨ | ᠰᠠᠶᠢᠵᠢᠷᠠᠭᠤᠯᠬᠤ ᠬᠡᠷᠡᠭᠲᠡᠢ᠃ ᠬᠢᠨᠠᠨ ᠰᠢᠯᠭᠠᠬᠤ ᠠᠵᠢᠯ ᠤᠨ ᠵᠢᠯᠤᠭᠤᠳᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ | ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠠᠮᠢ ᠠᠬᠤᠢ | ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷᠲᠤ ᠴᠢᠨᠠᠷ ᠰᠠᠨᠠᠭᠠᠴᠢᠯᠠᠭᠠᠲᠤ ᠴᠢᠨᠠᠷ ᠢ ᠨᠢ ᠴᠢᠩᠭᠠᠳᠬᠠᠬᠤ ᠬᠡᠷᠡᠭᠲᠡᠢ | ᠭᠡᠵᠠᠢ᠃ | ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠰᠦᠨ ᠱᠤᠤ ᠴᠧᠩ ᠪᠠᠰᠠ ᠮᠠᠨᠵᠤᠤᠷ ᠪᠣᠭᠤᠮᠲᠠ ᠶᠢᠨ | ᠬᠢᠵᠢᠭ ᠤᠨ ᠪᠠᠶᠢᠳᠠᠯ ᠢ ᠰᠡᠷᠭᠡᠶᠢᠯᠡᠬᠦ᠂ ᠪᠣᠭᠤᠮᠲᠠ ᠪᠠᠷ ᠨᠡᠪᠳᠡᠷᠡᠬᠦ ᠶᠢ ᠪᠠᠲᠤᠯᠠᠬᠤ ᠠᠵᠢᠯ ᠢ ᠰᠢᠨᠵᠢᠯᠡᠨ ᠪᠠᠶᠢᠴᠠᠭᠠᠵᠤ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠷᠭᠤᠳᠤᠭᠠᠷ ᠶᠡᠭᠡ ᠬᠤᠷᠠᠯ ᠤᠨ ᠦᠵᠡᠰᠭᠦᠯᠡᠩ ᠤᠨ ᠣᠷᠳᠣᠨ ᠢᠶᠠᠷ | ᠲᠣᠭᠤᠷᠢᠨ ᠦᠵᠡᠵᠦ᠂ ᠥᠪᠥᠷ ᠮᠣᠩᠭᠤᠯ ᠤᠨ ᠮᠥᠰᠥᠨ ᠳᠡᠭᠡᠷᠡᠬᠢ ᠲᠡᠮᠢᠷ ᠤᠨ ᠬᠥᠳᠡᠯᠭᠡᠭᠡᠨ ᠤ ᠪᠣᠯᠪᠠᠰᠤᠷᠠᠯ ᠤᠨ | ᠲᠥᠪ ᠲᠤ ᠭᠦᠨᠵᠡᠭᠡᠶᠢᠷᠡᠨ ᠪᠠᠶᠢᠴᠠᠭᠠᠨ ᠰᠤᠳᠤᠯᠵᠡᠢ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ ᠠᠵᠢᠯᠯᠠᠭ᠎ᠠ ᠳᠤ ᠣᠷᠣᠯᠴᠠᠪᠠ᠃ | | |