6 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ | ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ | ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠵᠡᠶ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠧᠴᠤᠸᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠲᠠᠢ ᠤᠶᠠᠯᠳᠤᠭᠤᠯᠵᠤ᠂ ᠠᠵᠤ ᠠᠬᠤᠶ ᠶᠢᠨ ᠦᠨᠳᠦᠰᠦᠨ ᠪᠠᠶᠢᠳᠠᠯ ᠪᠠ ᠨᠡᠶᠢᠭᠡᠮ ᠤᠨ ᠦᠨᠳᠦᠰᠦᠨ | ᠪᠠᠶᠢᠳᠠᠯ ᠢ ᠪᠥᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠶ ᠪᠣᠯᠤᠨ ᠬᠦᠳᠡᠭᠡ | ᠲᠤᠰᠬᠤᠨ ᠮᠠᠯᠵᠢᠬᠤ ᠣᠷᠣᠨ ᠤ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠦᠷᠭᠦᠯᠵᠢᠯᠡᠨ ᠪᠠᠲᠤ | ᠴᠤᠭᠴᠠᠯᠠᠵᠤ᠂ ᠮᠠᠨ ᠤ ᠣᠷᠣᠨ ᠤ ᠠᠵᠤ ᠦᠢᠯᠡᠰ ᠤᠨ ᠳᠡᠭᠡᠳᠦ ᠲᠡᠰᠵᠢᠭᠰᠡᠨ᠂ ᠤᠶᠤᠨᠴᠢᠯᠠᠭᠰᠡᠨ᠂ ᠪᠣᠬᠢᠷᠲᠤᠯ ᠦᠭᠡᠢ | ᠬᠥᠭᠵᠢᠯᠲᠡ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠥᠬᠦ ᠬᠦᠴᠦᠨ ᠢᠶᠠᠷ ᠢᠶᠠᠨ ᠠᠵᠢᠯ | ᠣᠯᠭᠤᠯᠲᠠ ᠶᠢ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢ ᠪᠠᠲᠤᠯᠠᠵᠤ᠂ ᠬᠥᠭᠵᠢᠯᠲᠡ ᠪᠠ ᠠᠮᠤᠷ ᠲᠦᠪᠰᠢᠨ ᠢ | ᠨᠢᠭᠡᠳᠦᠯᠲᠡᠶ ᠲᠥᠯᠥᠪᠵᠢᠬᠦᠯᠵᠤ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠰᠠᠶᠢᠨ ᠰᠠᠶᠢᠬᠠᠨ ᠣᠶᠤᠨ ᠰᠠᠨᠠᠭᠠᠨ ᠤ | ᠳᠦᠷᠰᠦ ᠪᠠᠶᠢᠳᠠᠯ ᠪᠠ ᠲᠡᠮᠡᠴᠡᠯ ᠤᠨ ᠤᠪᠤᠷ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ | ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠵᠤ ᠪᠥᠬᠦ ᠨᠡᠶᠢᠭᠡᠮ ᠤᠨ ᠡᠬᠢ ᠪᠠᠶᠠᠯᠢᠭ ᠢ ᠪᠥᠬᠦ ᠲᠠᠯ᠎ᠠ ᠪᠠᠷ ᠠᠷᠪᠢᠯᠠᠨ ᠡᠷᠴᠢᠮᠵᠢᠭᠦᠯᠬᠦ ᠠᠵᠢᠯ ᠢ | ᠠᠬᠢᠭᠤᠯᠬᠤ ᠲᠤᠬᠠᠶ ᠰᠤᠳᠤᠯᠵᠤ᠂ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠬᠦ ᠡᠯ᠎ᠡ ᠵᠦᠶ᠋ᠯ ᠤᠨ ᠠᠷᠭ᠎ᠠ ᠬᠡᠮᠵᠢᠶ᠎ᠡ ᠶᠢ | ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠡᠬᠢ ᠪᠠᠶᠠᠯᠢᠭ ᠢ ᠠᠰᠢᠭᠯᠠᠬᠤ ᠬᠡᠯᠪᠡᠷᠢ ᠶᠢ ᠬᠤᠪᠢᠷᠠᠭᠤᠯᠬᠤ᠂ ᠡᠬᠢ | ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠡᠬᠢ | ᠪᠠᠶᠠᠯᠢᠭ ᠤᠨ ᠶᠡᠷᠦᠩᠬᠡᠶ ᠬᠡᠮᠵᠢᠶ᠎ᠡ ᠶᠢᠨ ᠬᠠᠮᠢᠶᠠᠷᠤᠯᠲᠠ ᠶᠢ ᠠᠬᠢᠭᠤᠯᠵᠤ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ | ᠪᠥᠬᠦ ᠲᠠᠯ᠎ᠠ ᠪᠠᠷ ᠠᠷᠪᠢᠯᠠᠵᠤ᠂ ᠡᠷᠭᠢᠯᠳᠦᠭᠦᠯᠦᠨ ᠠᠰᠢᠭᠯᠠᠵᠤ᠂ ᠮᠠᠨ ᠤ ᠣᠷᠣᠨ ᠤ ᠡᠬᠢ ᠪᠠᠶᠠᠯᠢᠭ ᠢ ᠠᠰᠢᠭᠯᠠᠬᠤ | ᠬᠡᠯᠪᠡᠷᠢ ᠶᠢ ᠦᠨᠳᠦᠰᠦᠨ ᠠᠴᠠ ᠨᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠢ ᠰᠤᠳᠤᠯᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ | ᠦᠵᠡᠯᠲᠡ ᠪᠠᠨ ᠬᠤᠪᠢᠷᠠᠭᠤᠯᠵᠤ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠭᠠᠵᠠᠷ ᠰᠢᠷᠣᠶ ᠶᠢ ᠠᠷᠪᠢᠲᠠᠶ ᠡᠷᠴᠢᠮᠵᠢᠭᠦᠯᠦᠨ | ᠠᠰᠢᠭᠯᠠᠬᠤ ᠪᠠᠷᠢᠮᠵᠢᠶ᠎ᠠ ᠶᠢ ᠲᠣᠭᠲᠠᠭᠠᠵᠤ᠂ ᠭᠠᠵᠠᠷ ᠰᠢᠷᠣᠶ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠮᠠᠨ ᠤ ᠣᠷᠣᠨ ᠤ ᠡᠯᠪᠡᠭ ᠲᠡᠯᠪᠡᠭ ᠭᠠᠵᠠᠷ ᠰᠢᠷᠣᠶ ᠶᠢᠨ ᠡᠬᠢ ᠪᠠᠶᠠᠯᠢᠭ ᠢ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠲᠤᠪᠤᠶᠢᠮ᠎ᠠ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠶ | ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ᠂ | ᠠᠵᠤ ᠦᠢᠯᠡᠰ ᠢ ᠲᠠᠰ ᠳᠠᠪᠰᠢᠬᠦᠯᠬᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠨᠠᠰᠤᠵᠢᠯ ᠤᠨ ᠠᠰᠠᠷᠠᠮᠵᠢ ᠶᠢᠨ | ᠠᠵᠤ ᠦᠢᠯᠡᠰ ᠵᠡᠷᠭᠡ ᠵᠦᠢᠯᠡᠰ ᠢ ᠰᠤᠳᠤᠯᠵᠠᠶ᠃ | | |