ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠭᠠᠶᠢᠯᠢ ᠶᠢᠨ ᠶᠠᠪᠤᠳᠠᠯ᠂ ᠡᠳ᠋ ᠤᠨ ᠵᠠᠰᠠᠭ ᠵᠡᠷᠭᠡ | ᠰᠠᠯᠠᠭ᠎ᠠ ᠮᠥᠴᠢᠷ ᠯᠦᠭᠡ ᠬᠠᠮᠲᠤᠷᠠᠨ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ︽ᠬᠤᠶᠢᠰᠢᠯᠠᠭᠤᠯᠬᠤ᠂ | ᠪᠠᠭᠤᠷᠠᠭᠤᠯᠬᠤ᠂ ᠪᠤᠴᠠᠭᠠᠬᠤ᠂ ᠨᠥᠬᠦᠪᠦᠷᠢᠯᠡᠬᠦ︾ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ | ᠠᠵᠤ ᠠᠬᠤᠶᠢᠯᠠᠯ ᠵᠡᠷᠭᠡ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠪᠰᠤᠷᠤᠨ | ᠬᠦᠴᠢᠷᠳᠡᠯ ᠢ ᠨᠢ ᠰᠢᠢᠳᠪᠦᠷᠢᠯᠡᠵᠦ ᠪᠠᠶᠢᠨ᠎ᠠ᠃ | ︽ᠬᠤᠶᠢᠰᠢᠯᠠᠭᠤᠯᠬᠤ︾ ᠭᠡᠳᠡᠭ ᠨᠢ ᠢᠳᠡᠭᠡᠨ ᠤᠮᠳᠠᠭᠠᠨ ᠵᠡᠷᠭᠡ ᠣᠨᠴᠠ ᠬᠦᠴᠢᠷᠳᠡᠯᠲᠡᠢ 5 ᠠᠵᠢᠯ | ᠲᠥᠷᠥᠯ ᠳᠤ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ | ᠰᠦᠢᠳᠬᠡᠯ ᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ᠂ ᠢᠳᠡᠭᠡᠨ | ᠡᠳ᠋ᠰᠢᠭᠦᠯᠬᠦ ᠠᠵᠤ ᠦᠢᠯᠡᠳᠪᠦᠷᠢ ᠵᠡᠷᠭᠡ 17 ᠠᠵᠢᠯ ᠲᠥᠷᠥᠯ ᠤᠨ ᠬᠦᠴᠢᠷᠳᠡᠯᠲᠡᠢ ᠠᠵᠤ ᠠᠬᠤᠶᠢᠯᠠᠯ ᠤᠨ ᠭᠤᠷᠪᠠᠨ | ᠵᠦᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠢᠭᠡᠴᠢ ᠶᠢᠨ ᠲᠤᠰᠢᠶᠠᠬᠤ ᠬᠡᠰᠡᠭ ᠢ ᠬᠤᠶᠢᠰᠢᠯᠠᠭᠤᠯᠤᠨ | ᠲᠤᠰᠢᠶᠠᠬᠤ ᠶᠢ ᠬᠡᠯᠡᠨ᠎ᠡ᠃ ᠬᠢᠵᠢᠭ ᠤᠨ ᠪᠠᠶᠢᠳᠠᠯ ᠳᠤ ᠬᠦᠨᠳᠦ ᠨᠣᠴᠢᠲᠠᠢ ᠨᠥᠯᠥᠭᠡᠯᠡᠭᠳᠡᠭᠰᠡᠨ ᠭᠠᠵᠠᠷ ᠣᠷᠣᠨ ᠤ | ᠦᠢᠯᠡᠳᠪᠦᠷᠢᠯᠡᠯ ᠡᠵᠡᠩᠨᠡᠯᠲᠡ ᠨᠢ ᠲᠦᠷ ᠴᠠᠭ ᠬᠦᠴᠢᠷᠳᠡᠯ ᠳᠤ ᠲᠤᠯᠭᠠᠷᠠᠭᠰᠠᠨ ᠪᠣᠶ ᠪᠦᠬᠦᠢ ᠳᠤᠮᠳᠠ ᠵᠢᠵᠢᠭ ᠪᠢᠴᠢᠯ | ᠠᠵᠤ ᠠᠬᠤᠶᠢᠯᠠᠯ ᠵᠡᠷᠭᠡ ᠳᠤ᠂ ᠭᠤᠷᠪᠠᠨ ᠵᠦᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠢᠭᠡᠴᠢ ᠶᠢᠨ | ᠲᠤᠰᠢᠶᠠᠬᠤ ᠬᠡᠰᠡᠭ ᠢ ᠬᠤᠶᠢᠰᠢᠯᠠᠭᠤᠯᠤᠨ ᠲᠤᠰᠢᠶᠠᠬᠤ ᠪᠠᠷ ᠭᠤᠶᠤᠴᠢᠯᠠᠵᠤ ᠪᠣᠯᠣᠨ᠎ᠠ᠂ ᠬᠤᠶᠢᠰᠢᠯᠠᠭᠤᠯᠤᠨ ᠲᠤᠰᠢᠶᠠᠬᠤ | ᠬᠤᠭᠤᠴᠠᠭ᠎ᠠ ᠶᠢ 2022 ᠣᠨ ᠤ ᠡᠴᠦᠰ ᠪᠣᠯᠲᠠᠯ᠎ᠠ ᠤᠷᠲᠤᠳᠬᠠᠨ᠎ᠠ᠃ 6 ᠳ᠋ᠤᠭᠠᠷ ᠰᠠᠷ᠎ᠠ ᠶᠢᠨ 20 ᠤ ᠡᠳᠦᠷ | ᠪᠣᠯᠲᠠᠯ᠎ᠠ᠂ ᠮᠠᠨ ᠤ ᠣᠷᠣᠨ ᠤ 142 ᠠᠵᠤ ᠠᠬᠤᠶᠢᠯᠠᠯ 1.18 ᠳ᠋ᠦᠩᠰᠢᠭᠤᠷ ᠲᠥᠭᠦᠷᠢᠭ ᠬᠤᠶᠢᠰᠢᠯᠠᠭᠤᠯᠤᠨ | ᠲᠤᠰᠢᠶᠠᠵᠠᠢ᠃ | ︽ᠪᠠᠭᠤᠷᠠᠭᠤᠯᠬᠤ︾ ᠭᠡᠳᠡᠭ ᠨᠢ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ | ᠰᠦᠢᠳᠬᠡᠯ ᠤᠨ ᠨᠣᠷᠮ᠎ᠠ ᠶᠢ ᠱᠠᠲᠤᠴᠢ ᠴᠢᠨᠠᠷᠲᠠᠢ ᠪᠠᠷ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ | ᠴᠠᠭ ᠢ 2023 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ ᠤᠷᠲᠤᠳᠬᠠᠨ᠎ᠠ᠃ 1 — 5 ᠳ᠋ᠤᠭᠠᠷ | ᠰᠠᠷ᠎ᠠ ᠳᠤ᠂ ᠮᠠᠨ ᠤ ᠣᠷᠣᠨ ᠠᠵᠤ ᠠᠬᠤᠶᠢᠯᠠᠯ ᠵᠡᠷᠭᠡ ᠬᠥᠮᠥᠨ ᠬᠡᠷᠡᠭᠯᠡᠬᠦ ᠨᠢᠭᠡᠴᠢ ᠶᠢᠨ ᠰᠦᠢᠳᠬᠡᠯ ᠲᠤᠰᠢᠶᠠᠬᠤ | ᠳᠠᠷᠤᠭᠠᠰᠤ ᠶᠢ ᠨᠡᠶᠢᠲᠡ 10.87 ᠳ᠋ᠦᠩᠰᠢᠭᠤᠷ ᠲᠥᠭᠦᠷᠢᠭ ᠬᠥᠩᠭᠡᠷᠡᠭᠦᠯᠪᠡ᠃ | ︽ᠪᠤᠴᠠᠭᠠᠬᠤ︾ ᠭᠡᠳᠡᠭ ᠨᠢ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠠᠵᠢᠯ ᠠᠯᠳᠠᠯᠲᠠ ᠶᠢᠨ | ᠳᠠᠭᠠᠳᠬᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠬᠠᠷᠢᠴᠠᠯ ᠢ 30% ᠠᠴᠠ 50% | ᠪᠣᠯᠭᠠᠨ ᠳᠡᠭᠡᠭᠰᠢᠯᠡᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ 90% ᠪᠠᠷ ᠪᠤᠴᠠᠭᠠᠬᠤ ᠶᠢ ᠬᠡᠯᠡᠵᠦ | ᠪᠠᠶᠢᠨ᠎ᠠ᠃ 6 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠂ 2.69 ᠲᠦᠮᠡᠨ ᠠᠵᠤ ᠠᠬᠤᠶᠢᠯᠠᠯ ᠳᠤ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠡᠯᠡ ᠮᠥᠩᠭᠦ ᠶᠢ 5.48 ᠳ᠋ᠦᠩᠰᠢᠭᠤᠷ ᠲᠥᠭᠦᠷᠢᠭ ᠲᠠᠷᠬᠠᠭᠠᠵᠤ᠂ | 92.41 ᠲᠦᠮᠡᠨ ᠠᠵᠢᠯᠲᠠᠨ ᠠᠵᠢᠯᠴᠢᠨ ᠳᠤ ᠠᠰᠢᠭ ᠬᠦᠷᠲᠡᠭᠡᠪᠡ᠃ | ︽ᠨᠥᠬᠦᠪᠦᠷᠢᠯᠡᠬᠦ︾ ᠭᠡᠳᠡᠭ ᠨᠢ ᠡᠨᠡ ᠵᠢᠯ ᠳᠤᠮᠳᠠ ᠥᠨᠳᠥᠷ ᠲᠦᠭᠰᠢᠭᠦᠷᠢᠲᠦ ᠬᠢᠵᠢᠭ ᠤᠨ ᠪᠠᠶᠢᠳᠠᠯ ᠭᠠᠷᠴᠤ | ᠥᠩᠭᠡᠷᠡᠭᠰᠡᠨ ᠭᠠᠵᠠᠷ ᠣᠷᠣᠨ ᠤ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠤ ᠳᠣᠲᠣᠷᠠᠬᠢ ᠪᠣᠶ ᠪᠦᠬᠦᠢ ᠠᠵᠤ | ᠠᠬᠤᠶᠢᠯᠠᠯ ᠵᠢᠴᠢ ᠳᠤᠮᠳᠠ ᠥᠨᠳᠥᠷ ᠲᠦᠭᠰᠢᠭᠦᠷᠢᠲᠦ ᠬᠢᠵᠢᠭ ᠤᠨ ᠪᠠᠶᠢᠳᠠᠯ ᠭᠠᠷᠤᠭᠠᠳᠤᠢ ᠭᠠᠵᠠᠷ ᠣᠷᠣᠨ ᠤ | ᠨᠢᠭᠡᠳᠦᠯᠲᠡᠢ ᠲᠥᠯᠥᠪᠯᠡᠬᠦ ᠭᠠᠵᠠᠷ ᠣᠷᠣᠨ ᠤ ᠢᠳᠡᠭᠡᠨ ᠤᠮᠳᠠᠭᠠᠨ ᠵᠡᠷᠭᠡ 5 ᠠᠵᠢᠯ ᠲᠥᠷᠥᠯ ᠤᠨ ᠠᠵᠤ | ᠠᠬᠤᠶᠢᠯᠠᠯ ᠳᠤ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠨᠢᠭᠡᠪᠦᠷᠢ ᠳᠤ 500 ᠲᠥᠭᠦᠷᠢᠭ ᠤᠨ | ᠪᠠᠷᠢᠮᠵᠢᠶ᠎ᠠ ᠪᠠᠷ ᠨᠢᠭᠡ ᠯᠡ ᠤᠳᠠᠭ᠎ᠠ ᠶᠢᠨ ᠴᠢᠨᠠᠷᠲᠠᠢ ᠠᠵᠢᠯ ᠳᠤ ᠦᠯᠡᠳᠡᠭᠡᠬᠦ ᠪᠣᠯᠪᠠᠰᠤᠷᠠᠯ ᠤᠨ ᠨᠥᠬᠦᠪᠦᠷᠢ ᠣᠯᠭᠤᠨ᠎ᠠ᠃ | 6 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠂ ᠨᠢᠭᠡ ᠯᠡ ᠤᠳᠠᠭ᠎ᠠ ᠶᠢᠨ ᠴᠢᠨᠠᠷᠲᠠᠢ ᠠᠵᠢᠯ ᠳᠤ ᠦᠯᠡᠳᠡᠭᠡᠬᠦ | ᠪᠣᠯᠪᠠᠰᠤᠷᠠᠯ ᠤᠨ ᠨᠥᠬᠦᠪᠦᠷᠢ ᠬᠦᠷᠲᠡᠬᠦ ᠨᠥᠬᠦᠴᠡᠯ ᠳᠤ ᠨᠡᠶᠢᠴᠡᠭᠰᠡᠨ 6.03 ᠲᠦᠮᠡᠨ ᠡᠷᠦᠬᠡ ᠠᠵᠤ ᠠᠬᠤᠶᠢᠯᠠᠯ᠂ | 170 ᠲᠦᠮᠡᠨ ᠠᠵᠢᠯᠲᠠᠨ ᠠᠵᠢᠯᠴᠢᠨ ᠢ ᠠᠩᠬ᠎ᠠ ᠠᠯᠬᠤᠮ ᠰᠢᠭᠰᠢᠨ ᠪᠠᠶᠢᠴᠠᠭᠠᠪᠠ᠃ | | |