ᠬᠠᠷ᠎ᠠ ᠠᠷᠢᠬᠢ ᠶᠢᠨ ᠰᠢᠨ᠎ᠡ ᠪᠠᠷᠢᠮᠵᠢᠶ᠎ᠠ ᠭᠠᠷᠪᠠ︕
ᠨᠡᠶᠢᠲᠡᠯᠡᠭᠰᠡᠨ ᠴᠠᠭ᠄
2022/6/25
      ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠳᠤᠮᠳᠠᠳᠤ ᠤᠯᠤᠰ ᠤᠨ ᠤᠯᠤᠰ ᠤᠨ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠵᠥᠪᠯᠡᠯ ᠤᠨ ᠨᠡᠶᠢᠲᠡᠯᠡᠭᠰᠡᠨ GB / T 151092021 ︽ᠬᠠᠷ᠎ᠠ ᠠᠷᠢᠬᠢᠨ ᠤ ᠠᠵᠤ ᠣᠶᠢᠯᠡᠳᠪᠣᠷᠢ ᠶᠢᠨ ᠨᠡᠷ᠎ᠡ ᠲᠣᠮᠢᠶ᠎ᠠ︾᠂ GB / T 172042021 ︽ᠤᠮᠳᠠᠭᠠᠨ ᠠᠷᠢᠬᠢᠨ ᠤ ᠨᠡᠷ᠎ᠡ ᠲᠣᠮᠢᠶ᠎ᠠ ᠪᠠ ᠲᠥᠷᠥᠯ ᠠᠩᠭᠢᠯᠠᠯ︾ ᠭᠡᠬᠦ ᠬᠤᠶᠠᠷ ᠵᠥᠢᠯ ᠤᠨ ᠠᠷᠢᠬᠢᠨ ᠤ ᠤᠯᠤᠰ ᠤᠨ ᠪᠠᠷᠢᠮᠵᠢᠶ᠎ᠠ ᠶᠢ ᠠᠵᠢᠯ ᠲᠥᠷᠥᠯ ᠤᠨ ᠬᠢᠨ ︽ᠬᠠᠷ᠎ᠠ ᠠᠷᠢᠬᠢᠨ ᠤ ᠤᠯᠤᠰ ᠤᠨ ᠰᠢᠨ᠎ᠡ ᠪᠠᠷᠢᠮᠵᠢᠶ᠎ᠠ︾ ᠭᠡᠵᠦ ᠨᠡᠷᠡᠶᠢᠳᠦᠭᠰᠡᠨ ᠪᠥᠭᠡᠳ 6 ᠰᠠᠷ᠎ᠠ ᠶᠢᠨ 1 ᠤ ᠡᠳᠦᠷ ᠠᠴᠠ ᠠᠯᠪᠠᠨ ᠶᠤᠰᠤᠭᠠᠷ ᠪᠠᠷ ᠬᠡᠷᠡᠭᠵᠢᠭᠦᠯᠪᠡ᠃ ︽ᠤᠯᠤᠰ ᠤᠨ ᠰᠢᠨ᠎ᠡ ᠪᠠᠷᠢᠮᠵᠢᠶ᠎ᠠ︾ ᠨᠢ ᠬᠠᠷ᠎ᠠ ᠠᠷᠢᠬᠢ ᠶᠢᠨ ᠲᠣᠮᠢᠶᠠᠯᠠᠯ ᠢ ᠵᠢᠷᠤᠮᠵᠢᠭᠤᠯᠤᠭᠰᠠᠨ ᠢᠶᠠᠷ ᠪᠠᠷᠠᠬᠤ ᠥᠬᠡᠶ᠂ ᠪᠠᠰᠠ ᠨᠠᠶᠢᠷᠠᠭᠤᠯᠤᠭᠰᠠᠨ ᠠᠷᠢᠬᠢ ᠪᠠ ᠦᠨᠦᠷᠲᠦ ᠬᠠᠷ᠎ᠠ ᠠᠷᠢᠬᠢ ᠭᠡᠬᠦ ᠬᠤᠶᠠᠷ ᠤᠬᠠᠭᠳᠠᠬᠤᠨ ᠢ ᠨᠡᠮᠡᠭᠰᠡᠨ ᠪᠠᠶᠢᠨ᠎ᠠ᠃ ᠠᠵᠢᠯ ᠲᠥᠷᠥᠯ ᠤᠨ ᠳᠣᠲᠣᠭᠠᠳᠤ ᠶᠢᠨ ᠬᠥᠮᠦᠰ ᠢᠯᠡᠷᠬᠡᠶᠢᠯᠡᠬᠦ ᠳᠡᠭᠡᠨ᠂ ︽ᠤᠯᠤᠰ ᠤᠨ ᠰᠢᠨ᠎ᠡ ᠪᠠᠷᠢᠮᠵᠢᠶ᠎ᠠ︾ ᠳᠤ ᠬᠠᠷ᠎ᠠ ᠠᠷᠢᠬᠢ ᠶᠢᠨ ᠤᠬᠠᠭᠳᠠᠬᠤᠨ ᠨᠢ ᠥᠷᠭᠡᠨ ᠣᠯᠠᠨ ᠬᠡᠷᠡᠭᠯᠡᠭᠴᠢᠳ ᠤᠨ ᠤᠯᠠᠮᠵᠢᠯᠠᠯᠲᠤ ᠬᠠᠷ᠎ᠠ ᠠᠷᠢᠬᠢ ᠶᠢᠨ ᠲᠤᠬᠠᠶ ᠲᠠᠨᠢᠯᠲᠠ ᠳᠤ ᠨᠠᠩ ᠨᠡᠶᠢᠴᠡᠵᠦ᠂ ᠠᠵᠤ ᠠᠬᠤᠶᠢᠯᠠᠯ ᠤᠨ ᠦᠢᠯᠡᠳᠪᠤᠷᠢᠯᠡᠯ᠂ ᠨᠡᠷᠡᠬᠦ ᠮᠡᠷᠭᠡᠵᠢᠯ ᠤᠨ ᠪᠠᠷᠢᠮᠵᠢᠶ᠎ᠠ ᠶᠢ ᠵᠢᠷᠤᠮᠵᠢᠭᠤᠯᠬᠤ ᠳᠤ ᠴᠥᠮ ᠢᠳᠡᠪᠬᠢᠲᠡᠶ ᠦᠢᠯᠡᠳᠤᠯ ᠭᠠᠷᠭᠠᠵᠤ᠂ ᠨᠠᠶᠢᠷᠠᠭᠤᠯᠤᠭᠰᠠᠨ ᠠᠷᠢᠬᠢ ᠪᠣᠯᠤᠨ ᠬᠠᠷ᠎ᠠ ᠠᠷᠢᠬᠢᠨ ᠤ ᠲᠥᠷᠥᠯ ᠢ ᠢᠯᠡᠳᠲᠡ ᠢᠯᠭᠠᠵᠤ᠂ ᠬᠡᠷᠡᠭᠯᠡᠭᠴᠢᠳ ᠤᠨ ᠬᠡᠷᠡᠭᠯᠡᠭᠡ ᠶᠢ ᠲᠣᠪ ᠲᠣᠳᠣᠷᠬᠠᠶ ᠪᠣᠯᠭᠠᠪᠠ ᠭᠡᠪᠡ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号