﹇ᠦᠰᠦᠭ ᠪᠢᠴᠢᠭ ᠢᠶᠠᠷ ᠦᠭᠦᠯᠡᠬᠦᠢ﹈ 2022 ᠣᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠭᠤᠣᠯᠳᠠᠯᠭ᠎ᠠ ᠶᠢᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2022/6/25
       2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠵᠢᠯ ᠪᠣᠯᠣᠨ᠎ᠠ᠂ ᠬᠥᠯᠥᠨ ᠪᠤᠶᠢᠷ ᠬᠤᠳᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠨᠢᠭᠡ ᠵᠢᠯ ᠪᠣᠯᠣᠨ᠎ᠠ᠃ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠬᠤᠷᠠᠯ᠂ ᠬᠥᠯᠥᠨ ᠪᠤᠶᠢᠷ ᠬᠤᠲᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠬᠤᠷᠠᠯ ᠪᠠ ᠪᠦᠬᠦ ᠣᠷᠣᠨ᠂ ᠪᠦᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢ ᠭᠦᠨᠵᠡᠭᠡᠢ ᠬᠠᠮᠠᠭᠠᠯᠠᠨ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠬᠦ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ ᠲᠣᠭᠤᠷᠢᠨ ᠢ ᠡᠭᠦᠳᠬᠦ ᠪᠠᠷ ᠭᠤᠣᠯ ᠰᠢᠵᠢᠮ ᠪᠣᠯᠭᠠᠵᠤ᠂ ︽ᠶᠢᠰᠦᠨ ᠶᠡᠭᠡ ᠭᠤᠣᠯᠳᠠᠯᠭ᠎ᠠ︾ ᠲᠠᠢ ᠠᠵᠢᠯ ᠢ ᠬᠦᠴᠦᠯᠡᠨ ᠰᠠᠶᠢᠲᠤᠷ ᠬᠢᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠴᠢᠩᠭ᠎ᠠ ᠨᠠᠷᠢᠨ ᠪᠣᠳᠠᠲᠠᠢ ᠰᠠᠶᠢᠲᠤᠷ ᠠᠳᠬᠤᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠲᠡᠮᠦᠷ ᠴᠡᠷᠢᠭ ᠢ ᠪᠠᠶᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ᠃        ᠨᠢᠭᠡ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠵᠥᠪ ᠴᠢᠭᠯᠡᠯ ᠢ ᠦᠨᠡᠨ ᠬᠦ ᠪᠠᠲᠤᠯᠠᠨ᠎ᠠ        1. ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠨ᠎ᠠ᠃        2. ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃        ᠬᠤᠶᠠᠷ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠲᠤᠤᠱᠯᠠᠭᠤᠯᠵᠤ᠂ ᠪᠥᠬᠦ ᠲᠠᠯ᠎ᠠ ᠪᠠᠷ ᠬᠠᠤᠯᠢ ᠶᠣᠰᠣᠭᠠᠷ ᠬᠤᠰᠢᠭᠤ ᠪᠠᠨ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ        3. ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠤᠬᠠᠭᠤᠯᠬᠤ ᠶᠢ ᠴᠢᠩᠭᠠᠳᠬᠠᠨ᠎ᠠ᠃        4. ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃        5. ᠬᠠᠤᠯᠢ ᠪᠠᠷ ᠵᠠᠰᠠᠬᠤ ᠶᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠬᠦ ᠶᠢ ᠴᠢᠩᠭᠠᠳᠬᠠᠨ᠎ᠠ᠃       ᠭᠤᠷᠪᠠ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭᠠᠳᠬᠠᠵᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ        6. ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠤᠨ᠎ᠠ᠃        7. ᠬᠠᠤᠯᠢ ᠶᠢ ᠴᠢᠩᠭ᠎ᠠ ᠳᠦᠷᠢᠮᠵᠢᠭᠦᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃        8. ᠵᠠᠰᠠᠭ ᠵᠠᠬᠢᠷᠭᠠᠨ ᠤ ᠳᠠᠬᠢᠨ ᠵᠥᠪᠯᠡᠬᠦ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃        ᠳᠥᠷᠪᠡ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠦᠨ᠎ᠡ        9. ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠨ᠎ᠠ᠃        10. ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠬᠠᠤᠯᠢ ᠴᠠᠭᠠᠵᠠ ᠶᠢᠨ ᠦᠢᠯᠡᠴᠢᠯᠡᠭᠡ ᠶᠢ ᠴᠢᠩᠭᠠᠷᠠᠭᠤᠯᠤᠨ᠎ᠠ᠃        ᠲᠠᠪᠤ᠂ ᠬᠠᠮᠢᠶᠠᠷᠤᠯᠲᠠ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠰᠠᠭᠤᠷᠢ ᠶᠢ ᠬᠦᠴᠦᠯᠡᠨ ᠴᠢᠩᠭᠠᠳᠬᠠᠨ᠎ᠠ        11. ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠬᠠᠮᠢᠶᠠᠷᠤᠯᠲᠠ ᠶᠢ ᠳᠦᠷᠢᠮᠵᠢᠭᠦᠯᠦᠨ᠎ᠡ᠃        12. ᠠᠷᠠᠳ ᠲᠦᠮᠡᠨ ᠤ ᠬᠠᠤᠯᠢ ᠪᠠᠷ ᠵᠠᠰᠠᠬᠤ ᠠᠵᠢᠯ ᠳᠤ ᠣᠷᠤᠯᠴᠠᠬᠤ ᠪᠠ ᠲᠡᠭᠦᠨ ᠢ ᠠᠬᠢᠭᠤᠯᠬᠤ ᠶᠢ ᠲᠦᠯᠬᠢᠨ ᠠᠬᠢᠭᠤᠯᠤᠨ᠎ᠠ᠃        13. ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃        ᠵᠢᠷᠭᠤᠭ᠎ᠠ᠂ ᠠᠷᠠᠳ ᠤᠨ ᠲᠥᠯᠥᠭᠡ ᠬᠠᠤᠯᠢ ᠪᠠᠷ ᠵᠠᠰᠠᠬᠤ ᠶᠢ ᠪᠠᠷᠢᠮᠲᠠᠯᠠᠵᠤ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠬᠦᠴᠦᠨ ᠢᠶᠠᠷ ᠳᠡᠭᠡᠭᠰᠢᠯᠡᠭᠦᠯᠦᠨ᠎ᠡ        14. ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃        15. ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠨ᠎ᠠ᠃        16. ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠨ᠎ᠠ᠃        17. ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠦᠷᠭᠦᠯᠵᠢᠯᠡᠨ ᠠᠬᠢᠭᠤᠯᠤᠨ᠎ᠠ᠃        ᠲᠤᠯᠤᠭ᠎ᠠ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠦᠭᠵᠢᠭᠡᠨ᠎ᠡ        18. ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃        ᠨᠠᠢᠮᠠ᠂ ᠬᠠᠷᠢᠭᠤᠴᠠᠯᠭ᠎ᠠ ᠡᠭᠦᠷᠭᠡᠯᠡᠵᠦ ᠪᠣᠳᠠᠲᠠᠢ ᠠᠵᠢᠯᠯᠠᠬᠤ ᠶᠢ ᠲᠤᠪᠤᠶᠢᠯᠭᠠᠵᠦ᠂ ᠬᠠᠤᠯᠢ ᠪᠠᠷᠢᠬᠤ ᠠᠵᠢᠯ ᠳᠠᠭᠠᠨ ᠴᠠᠭᠠᠷᠠᠭᠰᠠᠨ ᠵᠠᠰᠠᠭ ᠵᠠᠬᠢᠷᠭᠠᠨ ᠤ ᠡᠩᠨᠡᠭᠡ ᠶᠢ ᠬᠦᠴᠦᠯᠡᠨ ᠳᠠᠪᠲᠠᠨ ᠪᠣᠯᠪᠠᠰᠤᠷᠠᠭᠤᠯᠤᠨ᠎ᠠ        19. ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃        20. ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠦᠨ᠎ᠡ᠃        21. ᠺᠠᠳ᠋ᠷ ᠤᠨ ᠡᠩᠨᠡᠭᠡᠨ ᠤ ᠬᠡᠪ ᠴᠢᠨᠠᠷ ᠢ ᠳᠡᠭᠡᠭᠰᠢᠯᠡᠭᠦᠯᠦᠨ᠎ᠡ᠃        22. ᠴᠠᠭᠳᠠᠭ᠎ᠠ ᠶᠢ ᠬᠠᠷᠠᠭᠠᠯᠵᠠᠬᠤ ᠶᠢ ᠨᠠᠶᠢᠳᠠᠪᠤᠷᠢᠵᠢᠭᠤᠯᠤᠨ᠎ᠠ᠃        ᠶᠢᠰᠦ᠂ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ ᠴᠢᠩᠭᠠᠳᠬᠠᠨ᠎ᠠ        23. ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠰᠤᠷᠲᠠᠯ ᠢ ᠪᠠᠳᠠᠷᠠᠭᠤᠯᠤᠨ᠎ᠠ᠃        24. ᠲᠤᠤᠱᠯᠠᠭᠤᠯᠤᠨ ᠬᠡᠷᠡᠭᠵᠢᠭᠦᠯᠬᠦ ᠶᠢ ᠴᠢᠩᠭᠠᠷᠠᠭᠤᠯᠤᠨ᠎ᠠ᠃        25. ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号