ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠬᠢᠭᠡᠳ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠮᠲᠤᠷᠠᠨ ︽ᠡᠮᠴᠢᠯᠡᠭᠡᠨ ᠤ ᠳᠠᠭᠠᠳᠬᠠᠯ ᠢᠶᠠᠷ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ | ᠬᠥᠭᠵᠢᠭᠦᠯᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ ᠨᠦᠭᠦᠳ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠠᠢ᠂ ᠡᠳᠦᠭᠡ ᠬᠤᠯᠪᠣᠭᠳᠠᠯ ᠪᠥᠬᠦᠶ ᠠᠭᠤᠯᠭ᠎ᠠ ᠳᠤ ᠲᠠᠶᠢᠯᠤᠮᠵᠢ ᠬᠢᠶ᠎ᠡ᠃ | ᠨᠢᠭᠡ᠂ ︽ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠭᠰᠡᠨ ᠠᠬᠤᠶ ᠪᠠᠶᠢᠳᠠᠯ | ᠡᠮᠴᠢᠯᠡᠭᠡᠨ ᠤ ᠪᠠᠲᠤᠯᠠᠭ᠎ᠠ ᠪᠣᠯ ᠤᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ᠂ | ᠠᠷᠠᠳ ᠲᠦᠮᠡᠨ ᠤ ᠵᠣᠯ ᠵᠢᠷᠭᠠᠯ ᠢ ᠨᠡᠮᠡᠭᠳᠡᠭᠦᠯᠬᠦ᠂ ᠨᠡᠶᠢᠭᠡᠮ ᠤᠨ ᠡᠶ᠎ᠡ ᠵᠣᠬᠢᠴᠠᠩᠭᠤᠢ ᠠᠮᠤᠷ ᠲᠣᠭᠲᠠᠭᠤᠨ ᠢ | ᠬᠠᠮᠠᠭᠠᠯᠠᠬᠤ ᠴᠢᠬᠤᠯᠠ ᠶᠡᠭᠡ ᠲᠦᠷᠢᠮ ᠤᠨ ᠲᠤᠬᠢᠷᠠᠭᠤᠯᠤᠯᠳᠠ ᠪᠠᠶᠢᠵᠤ᠂ ᠡᠮᠴᠢᠯᠡᠭᠡᠨ ᠤ ᠡᠬᠢ ᠪᠠᠶᠠᠯᠢᠭ ᠤᠨ ᠵᠣᠬᠢᠰᠲᠠᠢ | ᠲᠤᠬᠢᠷᠠᠭᠤᠯᠤᠯᠳᠠ ᠶᠢ ᠵᠣᠬᠢᠴᠠᠭᠤᠯᠬᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠠᠬᠢᠭᠤᠯᠬᠤ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠳᠡᠭ᠃ ᠡᠮᠴᠢᠯᠡᠭᠡᠨ ᠤ ᠳᠠᠭᠠᠳᠬᠠᠯ ᠤᠨ ᠡᠭᠦᠷᠭᠡ | ᠴᠢᠳᠠᠪᠬᠢ ᠪᠠ ᠦᠢᠯᠡᠳᠦᠯ ᠢ ᠭᠦᠢᠴᠡᠳ ᠪᠠᠳᠠᠷᠠᠭᠤᠯᠤᠨ᠂ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠳᠠᠭᠠᠳᠬᠠᠯ ᠢ | ᠳᠡᠮᠵᠢᠬᠦ ᠲᠥᠷᠥ ᠶᠢᠨ ᠪᠣᠳᠣᠯᠭ᠎ᠠ ᠶᠢ ᠤᠯᠠᠮ ᠴᠢᠨᠠᠭᠰᠢᠲᠠ ᠪᠦᠷᠢᠨᠰᠢᠭᠦᠯᠬᠦ ᠪᠣᠯ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠮᠥᠨ ᠴᠤ | ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠡᠮᠴᠢᠯᠡᠭᠡ ᠡᠷᠡᠭᠦᠯ ᠮᠡᠨᠳᠦ ᠶᠢᠨ ᠬᠡᠷᠡᠭᠴᠡᠭᠡ ᠶᠢ | ᠬᠠᠩᠭᠠᠬᠤ ᠶᠢᠨ ᠵᠠᠶᠢᠯᠠᠰᠢ ᠥᠬᠡᠶ ᠱᠠᠭᠠᠷᠳᠠᠯᠭ᠎ᠠ ᠶᠤᠮ᠃ ︽ᠡᠮᠴᠢᠯᠡᠭᠡᠨ ᠤ ᠳᠠᠭᠠᠳᠬᠠᠯ ᠢᠶᠠᠷ ᠬᠢᠲᠠᠳ ᠡᠮ ᠡᠮᠨᠡᠯᠭᠡ ᠶᠢ | ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ ᠲᠤᠬᠠᠶ ᠤᠯᠤᠰ ᠤᠨ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ | ᠵᠢᠯᠣᠭᠤᠳᠬᠤ ᠰᠠᠨᠠᠯ︾ ᠤᠨ ᠵᠣᠷᠢᠭ ᠰᠠᠨᠠᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠨᠢ ᠮᠠᠨ ᠤ ᠣᠷᠣᠨ ᠤ ᠪᠣᠳᠠᠲᠠᠶ ᠲᠠᠢ ᠤᠶᠠᠯᠳᠤᠭᠤᠯᠤᠨ ︽ᠠᠷᠭ᠎ᠠ ᠬᠡᠮᠵᠢᠶ᠎ᠡ ᠨᠦᠭᠦᠳ︾ ᠢ | ᠲᠣᠭᠲᠠᠭᠠᠭᠰᠠᠨ ᠪᠠᠶᠢᠨ᠎ᠠ᠃ | ᠬᠤᠶᠠᠷ᠂ ︽ᠠᠷᠭ᠎ᠠ ᠬᠡᠮᠵᠢᠶ᠎ᠡ ᠨᠦᠭᠦᠳ︾ ᠤᠨ ᠭᠤᠣᠯ ᠠᠭᠤᠯᠭ᠎ᠠ | ︽ᠠᠷᠭ᠎ᠠ ᠬᠡᠮᠵᠢᠶ᠎ᠡ ᠨᠦᠭᠦᠳ︾ ᠨᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ | ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ ᠲᠠᠯ᠎ᠠ ᠪᠠᠷ᠂ ᠭᠤᠤᠯᠳᠠᠭᠤ ᠬᠢᠲᠠᠳ ᠡᠮ ᠡᠮᠨᠡᠯᠭᠡ | ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠳᠡᠮᠵᠢᠬᠦ᠂ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠠᠭᠤᠯᠤᠭᠳᠠᠬᠤᠨ ᠤ ᠬᠥᠭᠵᠢᠯᠲᠡ ᠶᠢ ᠳᠡᠮᠵᠢᠬᠦ᠂ ᠬᠢᠲᠠᠳ | ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠲᠣᠭᠲᠠᠯᠴᠠᠭ᠎ᠠ ᠶᠢ | ᠪᠦᠷᠢᠨᠰᠢᠭᠦᠯᠬᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭ ᠲᠤ ᠳᠣᠭᠢᠷᠠᠭᠰᠠᠨ ᠲᠣᠭᠠᠴᠠᠭ᠎ᠠ | ᠬᠢᠬᠦ ᠲᠥᠷᠥ ᠶᠢᠨ ᠪᠣᠳᠣᠯᠭ᠎ᠠ ᠶᠢ ᠪᠦᠷᠢᠨᠰᠢᠭᠦᠯᠬᠦ ᠵᠡᠷᠭᠡ ᠶᠢ ᠳᠤᠷᠠᠳᠪᠠ᠃ ᠡᠭᠦᠨ ᠤ ᠬᠠᠮᠲᠤ᠂ ᠰᠠᠭᠤᠷᠢ ᠮᠥᠩᠭᠦᠨ ᠤ | ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ | ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠢᠴᠢ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠬᠦ ᠪᠣᠳᠠᠲᠠᠶ ᠱᠠᠭᠠᠷᠳᠠᠯᠭ᠎ᠠ ᠳᠤᠷᠠᠳᠴᠠᠢ᠃ | ᠭᠤᠷᠪᠠ᠂ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠳᠡᠮᠵᠢᠬᠦ ᠲᠠᠯ᠎ᠠ ᠪᠠᠷ | ᠨᠢᠭᠡ᠂ ᠨᠥᠬᠦᠴᠡᠯ ᠳᠤ ᠨᠡᠶᠢᠴᠡᠬᠦ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ | ᠪᠠᠶᠢᠭᠤᠯᠤᠮᠵᠢ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ | ᠵᠡᠷᠭᠡ ᠶᠢ ᠴᠠᠭ ᠲᠤᠬᠠᠶ ᠳᠤ ᠨᠢ ᠡᠮᠴᠢᠯᠡᠭᠡᠨ ᠤ ᠳᠠᠭᠠᠳᠬᠠᠯ ᠤᠨ ᠴᠡᠭ ᠲᠣᠭᠲᠠᠭᠠᠭᠰᠠᠨ ᠵᠥᠪᠳᠡᠯᠴᠡᠬᠡᠷ ᠤᠨ | ᠬᠠᠮᠢᠶᠠᠷᠤᠯᠲᠠ ᠳᠤ ᠣᠷᠣᠭᠤᠯᠤᠨ᠎ᠠ︔ ᠬᠤᠶᠠᠷ᠂ ᠨᠥᠬᠦᠴᠡᠯ ᠳᠤ ᠨᠡᠶᠢᠴᠡᠬᠦ ᠴᠡᠭ ᠲᠣᠭᠲᠠᠭᠠᠭᠰᠠᠨ ᠬᠢᠲᠠᠳ ᠡᠮ ᠡᠮᠨᠡᠯᠭᠡ | ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠨᠤᠭᠤᠳ ᠢ ᠣᠨᠳᠣᠤ ᠭᠠᠵᠠᠷ ᠲᠤ ᠡᠮᠴᠢᠯᠡᠭᠦᠯᠦᠭᠰᠡᠨ | ᠵᠠᠷᠤᠳᠠᠯ ᠢ ᠰᠢᠭᠤᠳ ᠳ᠋ᠦᠩᠨᠡᠨ ᠪᠤᠳᠤᠬᠤ ᠴᠡᠭ ᠲᠣᠭᠲᠠᠭᠠᠭᠰᠠᠨ ᠬᠡᠪᠴᠢᠶᠡᠨ ᠳᠤ ᠴᠠᠭ ᠲᠤᠬᠠᠶ ᠳᠤ ᠨᠢ | ᠣᠷᠣᠭᠤᠯᠤᠨ᠎ᠠ︔ ᠭᠤᠷᠪᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ | ᠵᠥᠪᠰᠢᠶᠡᠷᠡᠯ ᠢᠶᠠᠷ ᠢᠨᠲ᠋ᠧᠷ ᠰᠦᠯᠵᠢᠶᠡᠨ ᠳᠡᠭᠡᠷ᠎ᠡ ᠣᠨᠣᠰᠢᠯᠠᠨ ᠡᠮᠨᠡᠬᠦ ᠦᠢᠯᠡᠴᠢᠯᠡᠭᠡ ᠥᠷᠨᠢᠭᠦᠯᠦᠭᠰᠡᠨ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠨᠤᠭᠤᠳ ᠢ ᠴᠠᠭ ᠲᠤᠬᠠᠶ ᠳᠤ ᠨᠢ ︽ᠢᠨᠲ᠋ᠧᠷ | ᠰᠦᠯᠵᠢᠶ᠎ᠡ +︾ ᠡᠮᠴᠢᠯᠡᠭᠡᠨ ᠤ ᠦᠢᠯᠡᠴᠢᠯᠡᠭᠡ ᠶᠢᠨ ᠴᠡᠭ ᠲᠣᠭᠲᠠᠭᠠᠭᠰᠠᠨ ᠬᠡᠪᠴᠢᠶᠡᠨ ᠳᠤ ᠣᠷᠣᠭᠤᠯᠵᠤ᠂ | ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷ ᠡᠷᠬᠡ ᠲᠡᠭᠰᠢ ᠪᠠᠷ ᠲᠣᠭᠠᠴᠠᠭ᠎ᠠ ᠬᠢᠬᠦ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠦᠨ᠎ᠡ᠃ | ᠳᠥᠷᠪᠡ᠂ ᠦᠢᠯᠡᠴᠢᠯᠡᠭᠡᠨ ᠤ ᠠᠭᠤᠯᠤᠭᠳᠠᠬᠤᠨ ᠤ ᠬᠥᠭᠵᠢᠯᠲᠡ ᠶᠢ ᠳᠡᠮᠵᠢᠬᠦ ᠲᠠᠯ᠎ᠠ ᠪᠠᠷ | ᠨᠢᠭᠡ᠂ ᠤᠯᠤᠰ ᠠᠴᠠ ᠲᠣᠭᠲᠠᠭᠠᠭᠰᠠᠨ ᠳᠣᠭᠢᠷᠠᠭᠤᠯᠬᠤ ᠡᠷᠬᠡ ᠶᠢᠨ ᠬᠢᠵᠠᠭᠠᠷ ᠪᠠ ᠲᠠᠰ ᠳᠠᠷᠠᠭᠠᠯᠠᠯ ᠤᠨ | ᠶᠣᠰᠣᠭᠠᠷ᠂ ᠨᠥᠬᠦᠴᠡᠯ ᠳᠤ ᠨᠡᠶᠢᠴᠡᠬᠦ ᠮᠣᠩᠭᠤᠯ ᠪᠡᠯᠡᠨ ᠡᠮ᠂ ᠡᠮᠴᠢᠯᠡᠭᠡᠨ ᠤ ᠪᠠᠶᠢᠭᠤᠯᠤᠮᠵᠢ ᠶᠢᠨ ᠨᠠᠶᠢᠷᠠᠯᠭ᠎ᠠ ᠡᠮ᠂ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠨᠠᠬᠤ ᠡᠮ ᠢ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠡᠮᠴᠢᠯᠡᠭᠡᠨ ᠤ ᠪᠠᠶᠢᠭᠤᠯᠤᠮᠵᠢ ᠨᠤᠭᠤᠳ ᠤᠨ | ᠬᠤᠭᠤᠷᠣᠨᠳᠣ ᠳᠣᠭᠢᠷᠠᠭᠤᠯᠤᠨ ᠬᠡᠷᠡᠭᠯᠡᠬᠦ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠨᠡᠯᠭᠡ ᠶᠢᠨ | ᠬᠤᠷᠢᠶᠠᠨ ᠤ ᠨᠠᠶᠢᠷᠠᠯᠭ᠎ᠠ ᠶᠢ ᠰᠢᠶᠠᠨ ᠤ ᠬᠡᠪᠴᠢᠶᠡᠨ ᠤ ᠨᠢᠭᠲᠠ ᠬᠠᠷᠢᠴᠠᠭᠠᠨ ᠤ ᠬᠡᠯᠪᠡᠷᠢ ᠪᠦᠬᠦᠢ ᠡᠮᠴᠢᠯᠡᠭᠡᠨ ᠤ | ᠬᠤᠯᠪᠤᠭᠠᠲᠤ ᠴᠣᠭᠴᠠ ᠶᠢᠨ ᠳᠣᠲᠤᠭᠠᠳᠤ ᠳᠠᠬᠢ ᠪᠠᠶᠢᠭᠤᠯᠤᠮᠵᠢ ᠨᠤᠭᠤᠳ ᠤᠨ ᠬᠤᠭᠤᠷᠣᠨᠳᠣ ᠳᠣᠭᠢᠷᠠᠭᠤᠯᠤᠨ | ᠬᠡᠷᠡᠭᠯᠡᠵᠦ ᠪᠣᠯᠬᠤ ᠪᠥᠭᠡᠳ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ | ᠬᠤᠶᠠᠷ᠂ ᠡᠮᠴᠢᠯᠡᠭᠡᠨ ᠤ ᠦᠷ᠎ᠡ ᠳ᠋ᠦᠩ ᠨᠢ ᠣᠨᠣᠪᠴᠢᠲᠠᠶ ᠪᠥᠭᠡᠳ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ | ᠶᠢᠨ ᠳᠠᠪᠠᠭᠤᠯᠢᠭ ᠣᠨᠴᠠᠯᠢᠭ ᠢ ᠬᠠᠷᠠᠭᠤᠯᠤᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠲᠣᠬᠢᠷᠠᠮᠵᠢᠲᠠᠢ ᠮᠡᠷᠭᠡᠵᠢᠯ ᠢ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ | ᠭᠤᠷᠪᠠ᠂ ᠬᠦᠨᠳᠦ ᠶᠡᠭᠡ ᠬᠢᠵᠢᠭ ᠢ ᠰᠡᠷᠭᠡᠶᠢᠯᠡᠨ ᠵᠠᠰᠠᠬᠤ ᠦᠶᠡᠰ ᠲᠤ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠢᠳᠡᠪᠬᠢ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠬᠢᠵᠢᠭ ᠢ ᠣᠨᠣᠰᠢᠯᠠᠨ ᠡᠮᠴᠢᠯᠡᠬᠦ | ᠵᠢᠷᠤᠮᠵᠢᠯ ᠳᠤ ᠨᠡᠶᠢᠴᠡᠭᠰᠡᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠵᠠᠷᠤᠳᠠᠯ ᠢ ᠲᠣᠭᠲᠠᠭᠠᠯ | ᠶᠣᠰᠣᠭᠠᠷ ᠲᠦᠷ ᠴᠠᠭ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ | ᠲᠠᠪᠤ᠂ ᠦᠢᠯᠡᠴᠢᠯᠡᠭᠡᠨ ᠤ ᠦᠨ᠎ᠡ ᠬᠠᠩᠰᠢ ᠶᠢᠨ ᠲᠣᠭᠲᠠᠯᠴᠠᠭ᠎ᠠ ᠶᠢ ᠪᠦᠷᠢᠨᠰᠢᠭᠦᠯᠬᠦ ᠲᠠᠯ᠎ᠠ ᠪᠠᠷ | ᠨᠢᠭᠡ᠂ ᠬᠠᠷᠠᠯᠲᠠ ᠪᠠᠷ ᠤᠳᠤᠷᠢᠳᠤᠮᠵᠢ ᠪᠣᠯᠭᠠᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠦᠢᠯᠡᠴᠢᠯᠡᠭᠡᠨ ᠤ ᠦᠨ᠎ᠡ ᠬᠠᠩᠰᠢ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠨ᠎ᠡ ᠬᠠᠩᠰᠢ ᠶᠢᠨ ᠲᠥᠷᠥᠯ ᠵᠦᠢᠯ ᠢ ᠪᠠᠶᠠᠯᠢᠭᠵᠢᠭᠤᠯᠤᠨ᠎ᠠ᠃ | ᠡᠷᠲᠡᠨ ᠤ ᠰᠣᠩᠭᠤᠳᠠᠭ ᠪᠦᠲᠦᠭᠡᠯ ᠤᠳ ᠠᠴᠠ ᠢᠷᠡᠯᠲᠡ ᠲᠠᠢ᠂ ᠣᠲᠣ ᠬᠦᠷᠲᠡᠯ᠎ᠡ ᠥᠷᠭᠡᠨ ᠢᠶᠠᠷ ᠬᠡᠷᠡᠭᠯᠡᠭᠰᠡᠭᠡᠷ | ᠪᠠᠶᠢᠭ᠎ᠠ᠂ ᠡᠮᠴᠢᠯᠡᠭᠡᠨ ᠤ ᠦᠷ᠎ᠡ ᠳ᠋ᠦᠩ ᠣᠨᠣᠪᠴᠢᠲᠠᠶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠤᠯᠠᠮᠵᠢᠯᠠᠯᠲᠤ ᠮᠡᠷᠭᠡᠵᠢᠯ ᠵᠢᠴᠢ ᠰᠢᠨ᠎ᠡ ᠶᠢ ᠡᠭᠦᠳᠬᠦ ᠴᠢᠨᠠᠷᠲᠠᠶ᠂ ᠠᠵᠤ ᠠᠬᠤᠶ ᠶᠢᠨ ᠴᠢᠨᠠᠷᠲᠠᠶ ᠳᠠᠪᠠᠭᠤᠯᠢᠭ ᠢᠶᠠᠷ | ᠲᠣᠪᠤᠶᠢᠮ᠎ᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨ᠎ᠡ ᠮᠡᠷᠭᠡᠵᠢᠯ ᠳᠤ᠂ ᠰᠢᠨ᠎ᠡ ᠪᠠᠷ ᠨᠡᠮᠡᠭᠳᠡᠭᠰᠡᠨ | ᠦᠨ᠎ᠡ ᠬᠠᠩᠰᠢ ᠶᠢᠨ ᠲᠥᠷᠥᠯ ᠵᠦᠢᠯ ᠤᠨ ᠬᠢᠨᠠᠨ ᠬᠠᠷᠭᠤᠭᠤᠯᠬᠤ ᠲᠠᠰ ᠳᠠᠷᠠᠭᠠᠯᠠᠯ ᠢ ᠳᠥᠭᠦᠮᠴᠢᠯᠡᠵᠦ᠂ ᠰᠠᠭᠠᠳ | ᠥᠬᠡᠶ ᠨᠡᠪᠲᠡᠷᠡᠬᠦ ᠵᠠᠮ ᠢ ᠨᠡᠭᠡᠭᠡᠵᠦ ᠥᠭᠭᠦᠨ᠎ᠡ᠃ ᠬᠤᠶᠠᠷ᠂ ᠦᠨ᠎ᠡ ᠬᠠᠩᠰᠢ ᠶᠢ ᠬᠥᠳᠡᠯᠦᠩᠭᠦᠶ ᠪᠠᠷ ᠳᠣᠭᠢᠷᠠᠭᠤᠯᠬᠤ | ᠬᠤᠷᠴᠠ ᠰᠡᠷᠭᠡᠭ ᠪᠥᠭᠡᠳ ᠪᠠᠷᠢᠮᠵᠢᠶᠠᠲᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠮᠴᠢᠯᠡᠭᠡᠨ ᠤ | ᠦᠢᠯᠡᠴᠢᠯᠡᠭᠡᠨ ᠤ ᠦᠨ᠎ᠡ ᠬᠠᠩᠰᠢ ᠶᠢ ᠬᠥᠳᠡᠯᠦᠩᠭᠦᠶ ᠪᠠᠷ ᠳᠣᠭᠢᠷᠠᠭᠤᠯᠬᠤ ᠶᠢᠨ ᠳᠠᠭᠠᠤ ᠬᠢᠲᠠᠳ ᠡᠮ ᠡᠮᠨᠡᠯᠭᠡ | ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠢ ᠭᠤᠤᠯᠳᠠᠯᠭ᠎ᠠ ᠲᠠᠢ | ᠪᠣᠳᠣᠯᠬᠢᠯᠠᠨ᠎ᠠ᠃ ᠭᠤᠷᠪᠠ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠢ ᠥᠪᠡᠷᠲᠡᠭᠡᠨ ᠵᠠᠰᠠᠬᠤ | ᠣᠷᠣᠨ ᠤ ᠡᠮ ᠬᠤᠳᠠᠯᠳᠤᠨ ᠠᠪᠬᠤ ᠲᠠᠪᠴᠠᠩ ᠠᠴᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠨᠠᠬᠤ | ᠡᠮ ᠢ ᠬᠤᠳᠠᠯᠳᠤᠨ ᠠᠪᠤᠭᠰᠠᠨ ᠤ ᠳᠠᠷᠠᠭ᠎ᠠ᠂ ᠣᠷᠤᠭᠤᠯᠤᠭᠰᠠᠨ ᠪᠣᠳᠠᠲᠠᠶ ᠦᠨ᠎ᠡ ᠶᠢ ᠴᠢᠩᠭ᠎ᠠ ᠵᠢᠷᠤᠮᠯᠠᠨ | 25% ᠠᠴᠠ ᠬᠡᠲᠦᠷᠡᠭᠦᠯᠬᠦ ᠥᠬᠡᠶ ᠪᠠᠷ ᠦᠨ᠎ᠡ ᠨᠡᠮᠡᠵᠤ ᠪᠣᠷᠣᠯᠠᠭᠤᠯᠤᠨ᠎ᠠ᠃ ᠬᠢᠲᠠᠳ ᠪᠡᠯᠡᠨ ᠡᠮ ︵ᠮᠣᠩᠭᠤᠯ ᠪᠡᠯᠡᠨ | ᠡᠮ︶ ᠢ ᠣᠷᠣᠭᠤᠯᠤᠭᠰᠠᠨ ᠪᠣᠳᠠᠲᠠᠶ ᠦᠨ᠎ᠡ ᠶᠢᠨ ︽ᠵᠥᠷᠢᠶ᠎ᠡ ᠥᠬᠡᠶ ᠨᠣᠷᠮ᠎ᠠ︾ ᠶᠣᠰᠣᠭᠠᠷ ᠪᠣᠷᠤᠯᠠᠭᠤᠯᠤᠨ᠎ᠠ᠃ | ᠡᠮᠴᠢᠯᠡᠭᠡᠨ ᠤ ᠪᠠᠶᠢᠭᠤᠯᠤᠮᠵᠢ ᠶᠢᠨ ᠨᠣᠮᠣᠬᠠᠳᠬᠠᠨ ᠬᠡᠷᠡᠭᠯᠡᠬᠦ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠤᠨ | ᠴᠢᠨᠠᠬᠤ ᠡᠮ ᠪᠠ ᠨᠠᠶᠢᠷᠠᠭᠤᠯᠤᠭᠰᠠᠨ ᠨᠠᠶᠢᠷᠠᠯᠭ᠎ᠠ ᠶᠢᠨ ᠦᠨ᠎ᠡ ᠶᠢ ᠡᠮᠴᠢᠯᠡᠭᠡᠨ ᠤ ᠪᠠᠶᠢᠭᠤᠯᠤᠮᠵᠢ ᠥᠪᠡᠷᠲᠡᠭᠡᠨ | ᠲᠣᠭᠲᠠᠭᠠᠨ᠎ᠠ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠤᠳᠠᠯᠳᠤᠨ ᠠᠪᠬᠤ ᠬᠢᠲᠠᠳ | ᠡᠮ ᠤᠨ ᠨᠠᠶᠢᠷᠠᠯᠭ᠎ᠠ ᠶᠢᠨ ᠮᠥᠬᠦᠯᠢᠭ ᠢ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠲᠥᠪᠯᠡᠷᠡᠭᠦᠯᠦᠨ | ᠬᠤᠳᠠᠯᠳᠤᠨ ᠠᠪᠬᠤ ᠲᠠᠪᠴᠠᠩ ᠳᠤ ᠣᠷᠣᠭᠤᠯᠤᠨ ᠰᠦᠯᠵᠢᠶᠡᠨ ᠳᠡᠭᠡᠷ᠎ᠡ ᠬᠤᠳᠠᠯᠳᠤᠵᠤ᠂ ᠠᠷᠠᠯᠵᠢᠶ᠎ᠠ ᠶᠢᠨ ᠢᠯᠡ | ᠲᠣᠳᠣ ᠪᠠᠶᠢᠬᠤ ᠶᠢ ᠠᠬᠢᠭᠤᠯᠤᠨ᠎ᠠ᠃ | ᠵᠢᠷᠭᠤᠭ᠎ᠠ᠂ ᠲᠣᠭᠠᠴᠠᠭ᠎ᠠ ᠬᠢᠬᠦ ᠲᠦᠷᠦ ᠶᠢᠨ ᠪᠤᠳᠤᠯᠭ᠎ᠠ ᠶᠢ ᠪᠦᠷᠢᠨᠰᠢᠭᠦᠯᠬᠦ ᠲᠠᠯ᠎ᠠ ᠪᠠᠷ | ᠨᠢᠭᠡ᠂ ᠡᠮᠴᠢᠯᠡᠭᠡᠨ ᠤ ᠳᠠᠭᠠᠳᠬᠠᠯ ᠤᠨ ᠶᠡᠷᠦᠩᠬᠡᠶ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ | ᠶᠡᠷᠦᠩᠬᠡᠶ ᠲᠥᠰᠦᠪ ᠲᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢᠨ | ᠲᠣᠯᠤᠭᠠᠶᠢᠯᠠᠨ ᠪᠠᠶᠢᠭᠤᠯᠤᠭᠰᠠᠨ ᠰᠢᠶᠠᠨ ᠤ ᠬᠡᠪᠴᠢᠶᠡᠨ ᠤ ᠨᠢᠭᠲᠠ ᠬᠠᠷᠢᠴᠠᠭᠠᠨ ᠤ ᠬᠡᠯᠪᠡᠷᠢ ᠪᠦᠬᠦᠢ ᠡᠮᠴᠢᠯᠡᠭᠡᠨ ᠤ | ᠬᠤᠯᠪᠤᠭᠠᠲᠤ ᠴᠣᠭᠴᠠ ᠶᠢ ᠵᠣᠬᠢᠬᠤ ᠬᠡᠮᠵᠢᠶ᠎ᠡ ᠪᠠᠷ ᠬᠠᠷᠠᠭᠠᠯᠵᠠᠨ᠎ᠠ᠃ ᠬᠤᠶᠠᠷ᠂ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ | ᠠᠬᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠪᠡᠳᠴᠢᠨ ᠤ ᠲᠥᠷᠥᠯ ᠳᠤ ᠡᠪᠡᠳᠴᠢᠨ ᠤ | ᠲᠥᠷᠥᠯ ᠤᠨ ᠨᠣᠭᠳᠠᠬᠤ ᠦᠷᠲᠡᠭ ︵DIP︶ ᠵᠢᠴᠢ ᠡᠪᠡᠳᠴᠢᠨ ᠡᠮᠭᠡᠭ ᠢ ᠣᠨᠣᠰᠢᠯᠠᠭᠰᠠᠨ ᠬᠠᠮᠢᠶ᠎ᠠ ᠪᠥᠬᠦᠶ | ᠠᠩᠭᠢᠯᠠᠯ ︵DRG︶ ᠢ ᠨᠢ ᠦᠨᠳᠦᠰᠦᠯᠡᠨ ᠲᠣᠭᠠᠴᠠᠭ᠎ᠠ ᠬᠢᠬᠦ ᠥᠭᠡᠷᠡᠴᠢᠯᠡᠯᠲᠡ ᠶᠢ ᠰᠦᠪᠡᠭᠴᠢᠯᠡᠨ ᠬᠡᠷᠡᠭᠵᠢᠭᠦᠯᠵᠦ᠂ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ᠂ ᠬᠢᠲᠠᠳ ᠡᠮ ᠡᠮᠨᠡᠯᠭᠡ | ︵ᠮᠣᠩᠭᠤᠯ ᠡᠮ ᠡᠮᠨᠡᠯᠭᠡ︶ ᠶᠢᠨ ᠡᠪᠡᠳᠴᠢᠨ ᠤ ᠲᠥᠷᠥᠯ ᠤᠨ ᠢᠯᠡᠳᠬᠡᠮᠵᠢ ᠶᠢ ᠵᠣᠬᠢᠰᠲᠠᠶ ᠳᠡᠭᠡᠭᠰᠢᠯᠡᠭᠦᠯᠦᠨ᠎ᠡ᠃ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠬᠦ ᠳᠤ ᠴᠢᠳᠠᠮᠠᠭᠠᠢ ᠡᠪᠡᠳᠴᠢᠨ ᠤ ᠲᠥᠷᠥᠯ ᠢ ᠰᠢᠭᠰᠢᠨ | ᠰᠣᠩᠭᠤᠵᠤ᠂ ᠧᠦ᠋ᠷᠣᠫᠠ ᠡᠮᠨᠡᠯᠭᠡ ᠳᠤ ᠣᠨᠣᠰᠢᠯᠠᠨ ᠡᠮᠴᠢᠯᠡᠬᠦ ︽ᠠᠳᠠᠯᠢ ᠲᠥᠷᠦᠯ ᠤᠨ ᠡᠪᠡᠳᠴᠢᠨ ᠢ ᠠᠳᠠᠯᠢ ᠦᠷ᠎ᠡ | ᠠᠰᠢᠭ ᠲᠠᠢ᠂ ᠠᠳᠠᠯᠢ ᠦᠨ᠎ᠡ ᠬᠠᠩᠰᠢ ᠪᠠᠷ ᠡᠮᠴᠢᠯᠡᠬᠦ︾ ᠶᠢ ᠬᠡᠷᠡᠭᠵᠢᠭᠦᠯᠦᠨ᠎ᠡ᠃ ᠭᠤᠷᠪᠠ᠂ ᠦᠨᠳᠦᠰᠦᠨ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠪᠠ ᠬᠡᠷ ᠪᠦᠯᠢ ᠶᠢᠨ ᠡᠮᠴᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠦᠢᠯᠡᠴᠢᠯᠡᠭᠡ ᠬᠠᠩᠭᠠᠬᠤ ᠶᠢ ᠳᠡᠮᠵᠢᠨ ᠵᠣᠷᠢᠭᠵᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠡᠮᠴᠢ ᠪᠠ ᠨᠥᠬᠦᠴᠡᠯ ᠲᠠᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠭᠠᠵᠠᠷ ᠠᠴᠠ | ᠪᠦᠯᠬᠦᠮ ᠵᠣᠬᠢᠶᠠᠨ ᠪᠠᠶᠢᠭᠤᠯᠵᠤ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠥᠷᠨᠢᠭᠦᠯᠬᠦ ᠶᠢ | ᠵᠣᠷᠢᠭᠵᠢᠭᠤᠯᠤᠨ᠎ᠠ᠃ ᠳᠥᠷᠪᠡ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ | ᠲᠣᠯᠤᠭᠠᠶᠢᠯᠠᠨ ᠪᠠᠶᠢᠵᠤ ᠨᠢᠭᠲᠠ ᠬᠠᠷᠢᠴᠠᠭᠠᠨ ᠤ ᠬᠡᠯᠪᠡᠷᠢ ᠪᠦᠬᠦᠢ ᠡᠮᠴᠢᠯᠡᠭᠡᠨ ᠤ ᠬᠤᠯᠪᠤᠭᠠᠲᠤ ᠴᠣᠭᠴᠠ | ᠪᠠᠶᠢᠭᠤᠯᠬᠤ ᠶᠢ ᠳᠡᠮᠵᠢᠨ᠎ᠡ᠃ | ᠳᠣᠯᠤᠭ᠎ᠠ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠲᠠᠯ᠎ᠠ ᠪᠠᠷ | ᠨᠢᠭᠡ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠢᠨᠠᠯᠲᠠ ᠬᠠᠮᠢᠶᠠᠷᠤᠯᠲᠠ ᠶᠢᠨ | ᠬᠡᠪᠰᠢᠭᠰᠡᠨ ᠲᠣᠭᠲᠠᠴᠠ ᠶᠢ ᠲᠡᠭᠦᠯᠳᠡᠷᠵᠢᠭᠦᠯᠵᠤ᠂ ᠴᠡᠭ ᠲᠣᠭᠲᠠᠭᠠᠭᠰᠠᠨ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠵᠢᠵᠢᠭᠯᠡᠨ | ᠬᠤᠳᠠᠯᠳᠤᠬᠤ ᠡᠮ ᠤᠨ ᠳᠡᠯᠭᠡᠭᠦᠷ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢᠨ | ᠬᠠᠮᠢᠶᠠᠷᠤᠯᠲᠠ ᠶᠢ ᠴᠢᠩᠭᠠᠳᠬᠠᠵᠤ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠬᠤᠳᠠᠯ ᠬᠠᠭᠤᠷᠮᠠᠭ ᠢᠶᠠᠷ ᠡᠮᠴᠢᠯᠡᠬᠦ᠂ | ᠬᠠᠭᠤᠷᠮᠠᠭᠯᠠᠨ ᠡᠮᠨᠡᠯᠭᠡ ᠳᠤ ᠰᠠᠭᠤᠯᠭᠠᠬᠤ᠂ ᠬᠤᠳᠠᠯ ᠢᠶᠠᠷ ᠡᠮ ᠬᠤᠳᠠᠯᠳᠤᠬᠤ᠂ ᠣᠨᠣᠰᠢᠯᠠᠨ ᠡᠮᠨᠡᠬᠦ ᠲᠥᠷᠥᠯ ᠵᠦᠢᠯ ᠢ | ᠬᠤᠳᠠᠯ ᠢᠶᠠᠷ ᠡᠷᠬᠢᠯᠡᠬᠦ ᠵᠡᠷᠭᠡ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠬᠤ ᠦᠢᠯᠡ | ᠠᠵᠢᠯᠯᠠᠭ᠎ᠠ ᠨᠤᠭᠤᠳ ᠢ ᠰᠡᠷᠭᠡᠶᠢᠯᠡᠨ᠎ᠡ᠃ ᠬᠤᠶᠠᠷ᠂ ᠶᠡᠷᠦᠩᠬᠡᠶᠢᠯᠡᠨ ᠬᠢᠨᠠᠨ ᠬᠠᠮᠢᠶᠠᠷᠬᠤ ᠲᠦᠷᠢᠮ ᠢ ᠲᠡᠭᠦᠯᠳᠡᠷᠵᠢᠭᠦᠯᠵᠦ᠂ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠣᠨᠴᠠᠯᠢᠭ ᠲᠤ | ᠴᠢᠭᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠬᠢᠭᠡᠳ ᠬᠢᠲᠠᠳ ᠡᠮ ᠡᠮᠨᠡᠯᠭᠡ ᠶᠢᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠳ ᠤᠨ ᠬᠠᠷᠢᠯᠴᠠᠨ ᠬᠠᠮᠵᠢᠯᠴᠠᠵᠤ᠂ ᠬᠠᠮᠵᠢᠯᠴᠠᠨ ᠬᠢᠨᠠᠨ ᠬᠠᠮᠢᠶᠠᠷᠬᠤ | ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠲᠦᠷᠢᠮ ᠢ ᠪᠠᠶᠢᠭᠤᠯᠬᠤ ᠶᠢᠨ ᠬᠠᠮᠲᠤ ᠲᠡᠭᠦᠯᠳᠡᠷᠵᠢᠭᠦᠯᠦᠨ᠎ᠡ᠃ | | |